ᠲᠠᠶᠢᠹᠤᠰᠧ ᠬᠤᠰᠢᠭᠤ ᠠᠵᠤ ᠦᠢᠯᠡᠰ ᠤᠨ ᠲᠥᠷᠥᠯ ᠵᠦᠢᠯ ᠢ ᠭᠡᠷᠡᠭᠵᠢᠬᠦᠯᠵᠦ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/3/22
   ᠡᠨᠡ ᠵᠢᠯ᠂  ᠲᠠᠶᠢᠹᠤᠰᠧ ᠬᠤᠰᠢᠭᠤ  ᠲᠥᠷᠥᠯ ᠵᠦᠢᠯ ᠤᠨ ᠲᠣᠬᠢᠷᠠᠭᠤᠯᠤᠯᠲᠠ ᠪᠠ ᠦᠢᠯᠡᠴᠢᠯᠡᠭᠡ ᠶᠢ  ᠴᠢᠩᠭᠠᠳᠬᠠᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠥᠷᠥᠯ ᠵᠦᠢᠯ ᠤᠨ ᠥᠮᠴᠢᠲᠡᠨ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠰᠧᠨ ᠴᠢᠶᠠ ᠠᠮᠢᠳᠤ ᠪᠣᠳᠠᠰ ᠤᠨ ᠮᠠᠰ ᠤᠨ ᠬᠠᠲᠠᠭᠤ ᠲᠥᠯᠥᠪᠲᠦ ᠲᠦᠯᠡᠰᠢ ᠵᠢᠴᠢ ᠢᠵᠢ ᠪᠦᠷᠢᠳᠦᠭᠦᠯᠬᠦ ᠪᠣᠷᠳᠤᠭ᠎ᠠ ᠡᠳ᠋ᠰᠢᠭᠦᠯᠬᠦ᠂ ᠺᠧ ᠲᠠᠢ ᠯᠦᠩ ᠳ᠋ᠠ ᠶᠢᠨ ᠬᠤᠶᠠᠳᠤᠭᠠᠷ ᠬᠤᠭᠤᠴᠠᠭ᠎ᠠ᠂  ᠵᠦᠩ ᠺᠧ ᠰᠠᠨ ᠵᠧᠩ  ᠭᠠᠯ ᠤᠨᠲᠠᠷᠠᠭᠠᠬᠤ ᠲᠥᠬᠦᠭᠡᠷᠦᠮᠵᠢ ᠦᠶᠯᠡᠳᠬᠦ᠂ ᠱᠧᠨ  ᠨᠧᠩ ᠤᠨ ᠬᠤᠶᠠᠳᠤᠭᠠᠷ ᠬᠤᠭᠤᠴᠠᠭ᠎ᠠ ᠵᠡᠷᠭᠡ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠪᠠᠷᠢᠯᠭ᠎ᠠ ᠶᠢ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠳᠡᠭᠡᠷ᠎ᠡ ᠬᠠᠭᠠᠰ ᠵᠢᠯ ᠳᠤ ᠲᠠᠭᠤᠰᠬᠠᠨ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠡᠬᠢᠯᠡᠭᠦᠯᠵᠦ᠂ ᠴᠢᠩᠳᠣᠣ ᠶᠢᠨ ᠶᠤᠸᠠᠢ ᠱᠢ᠂ ᠱᠠᠨᠳᠦ᠋ᠩ ᠤᠨ ᠵᠢᠶᠦ᠋ᠨ ᠷᠦᠢ  ᠵᠡᠷᠭᠡ ᠠᠵᠤ ᠠᠬᠤᠶᠢᠯᠠᠯ  ᠢ ᠬᠦᠷᠢᠶᠡᠯᠡᠩ ᠳᠤ ᠤᠷᠤᠭᠤᠯᠤᠨ᠂ ᠶᠢᠨ ᠹᠧᠩ ᠰᠢᠨᠵᠢᠯᠡᠭᠡ ᠮᠡᠷᠭᠡᠵᠢᠯ ᠤᠨ ᠪᠣᠬᠢᠷᠳᠤᠯ ᠦᠭᠡᠢ ᠴᠠᠬᠢᠯᠭᠠᠨ ᠤ ᠬᠦᠷᠢᠶᠡᠯᠡᠩ ᠤᠨ ᠲᠥᠷᠥᠯ ᠵᠦᠢᠯ ᠢ 4 ᠰᠠᠷ᠎ᠠ ᠳᠤ ᠠᠵᠢᠯ ᠡᠬᠢᠯᠡᠬᠦᠯᠵᠦ ᠲᠣᠰ ᠵᠢᠯ ᠳᠡᠭᠡᠨ ᠠᠰᠢᠭᠯᠠᠯᠲᠠ ᠳᠤ ᠣᠷᠣᠭᠤᠯᠬᠤ ᠶᠢᠨ ᠬᠠᠮᠳᠤ᠂ ᠺᠠᠢ ᠳ᠋ᠠ ᠲᠥᠮᠥᠰᠥᠨ ᠤ ᠠᠵᠤ ᠦᠢᠯᠡᠰ ᠤᠨ  ᠬᠡᠯᠬᠢᠶᠡᠨ  ᠤ ᠨᠠᠷᠢᠯᠢᠭ ᠨᠠᠷᠢᠯᠢᠭ ᠡᠳ᠋ᠰᠢᠭᠦᠯᠬᠦ ᠲᠥᠷᠥᠯ ᠵᠦᠢᠯ᠂ ᠾᠧᠪᠧᠢ ᠶᠢᠨ ᠯᠠᠨ ᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠮ ᠡᠳ᠋ᠰᠢᠭᠦᠯᠬᠦ ᠲᠥᠷᠥᠯ ᠵᠦᠢᠯ ᠪᠠ ᠰᠢᠯᠤᠨ ᠰᠢᠷᠬᠡᠭ ᠤᠨ ᠠᠵᠤ ᠦᠢᠯᠡᠰ ᠤᠨ ᠬᠦᠷᠢᠶᠡᠯᠡᠩ  ᠤᠨ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠬᠦᠯᠬᠦ ᠪᠠᠷ ᠪᠠᠶᠢᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ   ᠢᠶᠠᠨ ᠴᠢᠩᠭᠠᠷᠠᠭᠤᠯᠵᠤ᠂ ︽ᠬᠠᠯᠠ ᠦᠵᠡᠵᠦ  ᠬᠠᠯᠠᠭᠤᠨ ᠴᠢᠯᠠᠭᠤ ᠳᠣᠯᠢᠶᠠᠬᠤ︾ ᠰᠥᠰᠥ ᠵᠣᠷᠢᠭ ᠢ ᠡᠪᠦᠷᠯᠡᠨ᠂ ︽ᠡᠨᠡ ᠵᠢᠯ ᠤᠨ ᠬᠢ ᠪᠠᠨ ᠪᠡᠶᠡᠯᠡᠬᠦᠯᠵᠦ᠂ ᠢᠷᠡᠬᠦ ᠵᠢᠯ ᠤᠨ ᠬᠢ ᠪᠠᠨ ᠪᠡᠯᠡᠳᠬᠡᠵᠦ᠂ ᠭᠤᠷᠪᠠᠨ ᠵᠢᠯ ᠢ ᠪᠠᠷᠠᠯᠠᠵᠤ᠂ ᠲᠠᠪᠤᠨ ᠵᠢᠯ ᠢ ᠪᠣᠳᠣᠯᠬᠢᠯᠠᠬᠤ︾ ᠰᠡᠳᠬᠢᠴᠡ ᠪᠠᠷ᠂ ᠨᠢᠭᠡ ᠪᠦᠯᠦᠭ ᠮᠠᠯ ᠤᠨ ᠠᠰᠢᠭ ᠰᠢᠮ᠎ᠡ ᠲᠠᠷᠢᠶᠠᠯᠠᠩ   ᠤᠨ ᠪᠦᠲᠦᠭᠡᠭᠳᠡᠬᠦᠨ ᠤ ᠨᠠᠷᠢᠯᠢᠭ ᠪᠣᠯᠪᠠᠰᠤᠷᠠᠭᠤᠯᠤᠯᠲᠠ᠂ ᠬᠡᠳᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ᠂ ᠰᠢᠨ᠎ᠡ ᠡᠨᠧᠷᠭᠢ ᠶᠢᠨ ᠲᠣᠨᠣᠭᠯᠠᠯ ᠤᠭᠰᠠᠷᠠᠬᠤ᠂ ᠰᠢᠨ᠎ᠡ ᠮᠠᠲ᠋ᠧᠷᠢᠶᠠᠯ ᠦᠢᠯᠡᠳᠬᠦ ᠵᠡᠷᠭᠡ ᠲᠠᠯ᠎ᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠭᠦᠨᠵᠡᠭᠡᠢ ᠲᠦᠯᠦᠪᠯᠡᠨ᠂ ᠨᠢᠭᠡ ᠪᠦᠯᠦᠭ ᠰᠠᠭᠤᠷᠢ ᠲᠠᠢ᠂ ᠳᠠᠯᠳᠠ ᠬᠦᠴᠦᠨ ᠲᠠᠢ᠂  ᠨᠤᠳᠤᠭᠰᠢᠵᠤ ᠳᠡᠶᠢᠯᠬᠦ ᠠᠵᠤ ᠦᠢᠯᠡᠰ ᠤᠨ ᠲᠦᠷᠦᠯ ᠵᠦᠢᠯ ᠢ ᠣᠷᠣᠭᠤᠯᠤᠨ ᠠᠪᠴᠢᠷᠠᠬᠤ ᠪᠤᠯᠤᠨ᠎ᠠ᠃  ᠭᠡᠬᠦ ᠳᠡᠭᠡᠨ᠂  ᠡᠨᠡ  ᠵᠢᠯ ᠳᠤ 9   ᠠᠴᠠ ᠳᠡᠭᠡᠭᠰᠢ ᠭᠤᠣᠯᠳᠠᠯᠭ᠎ᠠ ᠲᠠᠢ ᠲᠥᠷᠥᠯ ᠵᠦᠢᠯ ᠢ ᠭᠡᠷ᠎ᠡ ᠲᠣᠭᠲᠠᠨ ᠨᠤᠳᠤᠭᠰᠢᠭᠤᠯᠵᠤ  ᠂ 15 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠪᠠᠷ ᠲᠦᠯᠦᠪᠯᠡᠵᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠬᠦᠯᠵᠦ᠂  ᠭᠤᠤᠯ ᠬᠦᠴᠦᠨ ᠵᠦᠢᠯ ᠨᠢ ᠲᠥᠷᠥᠯ ᠵᠦᠢᠯ ᠢ ᠳᠠᠭᠠᠵᠤ ᠶᠠᠪᠤᠬᠤ ᠶᠢ ᠪᠠᠷᠢᠮᠲᠠᠯᠠᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠥᠪᠯᠡᠷᠡᠭᠦᠯᠦᠨ ᠲᠤᠰᠢᠶᠠᠵᠤ  ᠬᠦᠢᠴᠡᠳᠯᠭᠡᠬᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠬᠡᠷᠡᠭᠵᠢᠭᠦᠯᠵᠦ᠂ ︽ᠲᠠᠪᠤᠨ ᠦᠭᠡᠢ︾ ᠭᠠᠵᠠᠷ ᠰᠢᠷᠣᠢ ᠶᠢ ᠴᠡᠪᠡᠷᠯᠡᠬᠦ ᠪᠠᠨ ᠲᠦᠷᠭᠡᠳᠬᠡᠨ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠲᠡᠳᠬᠦᠮᠵᠢ ᠶᠢ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠪᠠᠳᠤᠯᠠᠬᠤ ᠶᠢᠨ ᠬᠠᠮᠳᠤ᠂ ᠲᠥᠷᠥᠯ ᠵᠦᠢᠯ ᠤᠨ ᠪᠠᠶᠢᠭᠤᠯᠤᠯᠲᠠ ᠶᠢᠨ ︽ᠲᠠᠪᠤᠨ ᠳᠦᠷᠢᠮ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠵᠦᠢᠯ ᠲᠣᠭᠲᠠᠭᠠᠬᠤ᠂ ᠳᠠᠭᠠᠭᠠᠴᠢᠯᠠᠯᠲᠠ ᠵᠠᠷᠯᠠᠬᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠰᠢᠯᠭᠠᠨ ᠠᠪᠬᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠲᠥᠷᠥᠯ ᠵᠦᠢᠯ ᠤᠨ ᠬᠠᠮᠢᠶᠠᠷᠤᠯᠲᠠ ᠡᠮᠬᠢ ᠵᠢᠷᠤᠮ ᠲᠠᠢ᠂ ᠦᠢᠯᠡᠴᠢᠯᠡᠭᠡᠨ ᠤ ᠪᠠᠲᠤᠯᠠᠭ᠎ᠠ ᠡᠷᠴᠢ ᠬᠦᠴᠦᠲᠡᠢ ᠪᠠᠶᠢᠬᠤ ᠶᠢ ᠦᠨᠡᠨᠬᠦ ᠪᠠᠳᠤᠯᠠᠬᠤ ᠪᠠᠷ ᠪᠠᠶᠢᠭ᠎ᠠ᠃  ᠡᠬᠦᠨ ᠤ ᠬᠠᠮᠳᠤ᠂  ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ  ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠠᠵᠤ ᠠᠬᠤᠶᠢᠯᠠᠯ ᠢ ᠪᠠᠶᠢᠴᠠᠭᠠᠨ ᠰᠤᠷᠪᠤᠯᠵᠢᠯᠠᠵᠤ ᠬᠦᠴᠢᠷᠳᠡᠯ ᠢ ᠨᠢ ᠰᠢᠢᠳᠪᠦᠷᠢᠯᠡᠬᠦ ᠠᠵᠢᠯᠯᠠᠭ᠎ᠠ  ᠦᠷᠨᠢᠬᠦᠯᠦᠨ᠂ ᠭᠠᠶᠢᠯᠢ ᠶᠢ ᠬᠥᠩᠭᠡᠯᠡᠬᠦ᠂ ᠭᠠᠶᠢᠯᠢ ᠶᠢ ᠬᠤᠶᠢᠰᠢᠯᠠᠭᠤᠯᠬᠤ᠂ ᠭᠠᠶᠢᠯᠢ ᠶᠢ ᠪᠤᠴᠠᠭᠠᠬᠤ ᠵᠡᠷᠭᠡ ᠠᠵᠢᠯ ᠢ ᠦᠷᠭᠦᠯᠵᠢᠯᠡᠨ  ᠠᠬᠢᠭᠤᠯᠵᠤ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠠᠪᠬᠤ︾   ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ︽ᠬᠤᠪᠢ ᠶᠢᠨ ᠡᠵᠡᠩᠨᠡᠭᠴᠢ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾᠂ ︽ᠪᠠᠭ᠎ᠠ ᠵᠢᠵᠢᠭ ᠠᠵᠤ ᠠᠬᠤᠶᠢᠯᠠᠯ ᠢ ᠭᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠪᠤᠯᠭᠠᠨ ᠲᠡᠰ ᠳᠡᠪᠰᠢᠭᠦᠯᠬᠦ︾ ᠶᠢ ᠰᠠᠶᠢᠲᠤᠷ ᠠᠳᠬᠤᠵᠤ᠂ ᠨᠢᠭᠡ ᠪᠦᠯᠦᠭ ᠰᠢᠨ᠎ᠡ ᠡᠨᠧᠷᠭᠢ  ᠂ ᠰᠢᠨ᠎ᠡ ᠮᠠᠲ᠋ᠧᠷᠢᠶᠠᠯ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠭᠤᠣᠯᠳᠠᠯᠭ᠎ᠠ ᠲᠠᠢ ᠲᠡᠳᠬᠦᠨ  ᠂ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ 1 ᠡᠷᠦᠭᠡ᠂ ᠭᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ 2 ᠡᠷᠦᠭᠡ ᠶᠢ ᠪᠤᠶᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠲᠤᠭᠳᠠᠪᠤᠷᠢᠵᠢᠭᠤᠯᠤᠨ᠂ ᠬᠠᠩᠭᠠᠯᠭ᠎ᠠ ᠶᠢᠨ ᠬᠡᠯᠬᠢᠶ᠎ᠡ ᠶᠢ ᠡᠷᠡᠰ ᠪᠠᠲᠤᠯᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠲᠠᠰᠤᠷᠠᠯᠳᠠ ᠦᠭᠡᠢ ᠲᠡᠭᠡᠭᠰᠢᠯᠡᠬᠦᠯᠬᠦ ᠪᠠᠷ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号