ᠲᠠᠶᠢᠹᠤᠰᠧ ᠬᠤᠰᠢᠭᠤ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2023/3/22
   3 ᠰᠠᠷ᠎ᠠ ᠶᠢᠨ 15 ᠤ ᠡᠳᠦᠷ ᠠᠴᠠ 21 ᠤ ᠡᠳᠦᠷ ᠪᠣᠯᠲᠠᠯ᠎ᠠ᠂ ᠲᠠᠶᠢᠹᠤᠰᠧ ᠬᠤᠰᠢᠭᠤᠨ ᠤ ᠬᠢᠨ ᠪᠡᠭᠡᠵᠢᠩ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠵᠢᠯᠴᠠᠭᠠᠨ ᠤ ᠳᠠᠭᠠᠭᠤᠯᠤᠭᠴᠢ ᠶᠢᠨ ᠪᠣᠯᠪᠠᠰᠤᠷᠠᠯ  ᠢ  ᠪᠡᠭᠡᠵᠢᠩ ᠬᠤᠳᠠ ᠶᠢᠨ ᠴᠠᠩᠫᠢᠩ ᠲᠣᠭᠤᠷᠢᠭ ᠲᠤ  ᠠᠮᠵᠢᠯᠳᠠ ᠲᠠᠢ ᠡᠷᠬᠢᠯᠡᠵᠦ᠂  ᠲᠤᠰ ᠬᠤᠰᠢᠭᠤᠨ ᠤ ᠴᠢᠶᠠᠨ ᠶᠢᠨ ᠭᠧᠦ ᠪᠠᠯᠭᠠᠰᠤ ᠪᠠ ᠶᠦᠩ ᠹᠧᠩ ᠪᠠᠯᠭᠠᠰᠤ ᠠᠴᠠ ᠲᠤᠮᠢᠯᠠᠭᠳᠠᠭᠰᠠᠨ 25 ᠨᠡᠷ᠎ᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠳᠠᠭᠠᠭᠤᠯᠤᠭᠴᠢ  ᠪᠣᠯᠪᠠᠰᠤᠷᠠᠯ ᠳᠤ ᠤᠷᠤᠯᠴᠠᠵᠠᠢ᠃   ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂  ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠤ ᠳᠡᠳ᠋ ᠳᠠᠷᠤᠭ᠎ᠠ ᠯᠢᠦ ᠰᠢᠦᠢ ᠪᠣᠯᠪᠠᠰᠤᠷᠠᠯ ᠤᠨ ᠬᠤᠭᠤᠴᠠᠭᠠᠨ ᠳᠠᠬᠢ ᠤᠨᠤᠯ ᠤᠨ ᠰᠤᠷᠤᠯᠴᠠᠯᠭ᠎ᠠ  ᠂  ᠲᠤᠭᠤᠷᠢᠨ ᠰᠤᠷᠤᠯᠴᠠᠬᠤ᠂  ᠠᠷᠭ᠎ᠠ ᠲᠤᠷᠰᠢᠯᠭ᠎ᠠ ᠦᠪᠯᠡᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠥᠭᠡᠳ  ᠪᠤᠯᠪᠠᠰᠤᠷᠠᠯ ᠳᠤ ᠤᠷᠤᠯᠴᠠᠭᠰᠠᠳ ᠢ  ᠪᠡᠶ᠎ᠡ ᠪᠠᠨ ᠴᠢᠩᠭ᠎ᠠ ᠱᠠᠭᠠᠷᠳᠠᠵᠤ᠂ ᠣᠷᠭᠢᠯᠤᠮ᠎ᠠ ᠬᠠᠯᠠᠭᠤᠨ ᠰᠡᠳᠬᠢᠯᠭᠡ᠂ ᠯᠠᠪᠳᠠᠭᠤᠨ ᠪᠠᠲᠤᠲᠠᠢ ᠰᠤᠷᠲᠠᠯ ᠢᠶᠠᠷ ᠡᠨᠡ ᠤᠳᠠᠭᠠᠨ ᠤ ᠰᠤᠷᠤᠯᠴᠠᠯᠭ᠎ᠠ ᠳᠤ ᠣᠷᠣᠯᠴᠠᠵᠤ᠂ ᠰᠢᠨ᠎ᠡ ᠮᠡᠳᠡᠯᠭᠡ ᠶᠢ ᠦᠪᠯᠡᠨ᠂ ᠰᠢᠨ᠎ᠡ ᠮᠡᠷᠭᠡᠵᠢᠯ ᠢ ᠡᠵᠡᠮᠰᠢᠵᠦ᠂    ᠲᠠᠶᠢᠴᠢᠯᠠᠨ ᠲᠠᠭᠠᠭᠤᠯᠬᠤ ᠦᠢᠯᠡᠳᠦᠯ ᠢᠶᠠᠨ ᠨᠡᠩ ᠪᠦᠬᠦ ᠲᠠᠯ᠎ᠠ ᠪᠠᠷ ᠪᠠᠳᠠᠷᠠᠭᠤᠯᠵᠤ᠂ ᠥᠷᠭᠡᠨ ᠤᠯᠠᠨ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠪᠠᠶᠠᠵᠢᠯ ᠴᠢᠨᠡᠭᠡᠯᠢᠭᠵᠢᠯ ᠤᠨ ᠰᠠᠶᠢᠨ ᠲᠠᠭᠠᠭᠤᠯᠤᠭᠴᠢ ᠪᠤᠯᠬᠤ ᠬᠡᠷᠡᠭᠲᠡᠢ ᠭᠡᠵᠦ   ᠱᠠᠭᠠᠷᠳᠠᠪᠠ᠃ ᠡᠨᠡ ᠤᠳᠠᠭᠠᠨ ᠤ ᠪᠣᠯᠪᠠᠰᠤᠷᠠᠯ ᠨᠢ ᠣᠨᠣᠯ ᠤᠨ ᠪᠣᠯᠪᠠᠰᠤᠷᠠᠯ ᠪᠠ ᠠᠬᠤᠢ ᠲᠠᠯᠠᠪᠠᠢ ᠶᠢᠨ ᠦᠵᠡᠭᠦᠯᠦᠯᠭᠡ ᠶᠢ ᠬᠠᠷᠢᠯᠴᠠᠨ ᠤᠶᠠᠯᠳᠤᠭᠤᠯᠤᠭᠰᠠᠨ ᠠᠷᠭ᠎ᠠ  ᠶᠢ ᠠᠪᠴᠤ᠂ ᠤᠷᠢᠳ ᠬᠤᠵᠢᠳ ᠺᠠᠩ ᠯᠢᠩ᠂ ᠴᠠᠩ ᠯᠢᠩ᠂ ᠳ᠋ᠢᠩ ᠯᠢᠩ᠂ ᠰᠢᠶᠠᠨ ᠷᠧᠨ ᠳ᠋ᠦᠩ ᠵᠠᠩ ᠦᠢᠯᠡ ᠶᠢᠨ ᠲᠣᠰᠬᠤᠨ᠂ ᠰᠢᠶᠣᠣ ᠲᠠᠩ ᠱᠠᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠶᠦᠩ ᠨᠢᠩ ᠲᠣᠰᠬᠤᠨ ᠤ ᠡᠷᠲᠡᠨ ᠤ ᠬᠤᠳᠠ ᠵᠡᠷᠭᠡ ᠭᠠᠵᠠᠷ ᠢᠶᠠᠷ ᠲᠣᠭᠤᠷᠢᠨ ᠰᠤᠷᠤᠯᠴᠠᠭᠰᠠᠨ ᠪᠠᠶᠢᠨ᠎ᠠ  ᠃  ᠪᠣᠯᠪᠠᠰᠤᠷᠠᠯ  ᠳᠤ ᠤᠷᠤᠯᠴᠠᠭᠰᠠᠳ ᠪᠦᠷ  ᠤᠯᠤᠭᠰᠠᠨ ᠣᠯᠣᠯᠲᠠ ᠰᠤᠷᠤᠭᠰᠠᠨ ᠮᠡᠳᠡᠯᠭᠡ ᠪᠠᠨ ᠬᠤᠶᠢᠰᠢᠳᠠ ᠶᠢᠨ ᠠᠵᠢᠯ ᠤᠨ ᠳᠤᠮᠳᠠ ᠪᠠᠨ  ᠦᠪᠡᠷ ᠦᠪᠡᠷ ᠤᠨ ᠪᠣᠳᠠᠲᠤ ᠪᠠᠶᠢᠳᠠᠯ ᠲᠠᠢ ᠪᠠᠨ ᠣᠷᠭᠠᠨᠢᠭ ᠢᠶᠠᠷ ᠤᠶᠠᠯᠳᠤᠭᠤᠯᠤᠨ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠰᠠᠶᠢᠨ ᠳᠠᠭᠠᠭᠤᠯᠤᠭᠴᠢ ᠪᠤᠯᠵᠤ᠂ ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ  ᠠᠬᠢᠭᠤᠯᠤᠨ᠎ᠠ ᠭᠡᠵᠦ  ᠢᠯᠡᠷᠬᠡᠶᠢᠯᠡᠵᠡᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号