ᠵᠣᠣ ᠹᠧᠢ ᠫᠧᠩ ᠠᠷᠠᠳ ᠤᠨ ᠰᠦᠯᠵᠢᠶᠡᠨ ᠤ ᠲᠤᠰᠬᠠᠢ ᠰᠣᠷᠪᠤᠯᠵᠢᠯᠠᠭ᠎ᠠ  ᠶᠢ ᠬᠦᠯᠢᠶᠡᠪᠡ
ᠨᠡᠶᠢᠲᠡᠯᠡᠭᠰᠡᠨ ᠴᠠᠭ᠄
2023/3/22
   ᠣᠶᠢᠷ᠎ᠠ ᠳᠤ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠪᠡᠭᠡᠵᠢᠩ ᠬᠤᠳᠠ ᠳᠤ ᠠᠷᠠᠳ ᠤᠨ ᠡᠳᠦᠷ ᠤᠨ ᠰᠣᠨᠢᠨ ᠤ ᠠᠷᠠᠳ ᠤᠨ ᠰᠦᠯᠵᠢᠶ᠎ᠡ ᠶᠢᠨ ︽ᠬᠥᠳᠡᠭᠡ ᠲᠣᠰᠬᠤᠨ ᠤ ᠬᠦᠭᠵᠢᠯ ᠮᠠᠨᠳᠤᠯ · ᠳᠤᠮᠳᠠᠳᠤ ᠤᠯᠤᠰ ᠤᠨ ᠬᠦᠴᠦᠨ ᠴᠢᠳᠠᠯ︾ ᠰᠢᠷᠢᠰ ᠰᠣᠷᠪᠤᠯᠵᠢᠯᠠᠭ᠎ᠠ ᠶᠢ ᠬᠦᠯᠢᠶᠡᠪᠡ᠃  ᠡᠨᠡ ᠤᠳᠠᠭᠠᠨ ᠤ ᠲᠤᠰᠬᠠᠢ ᠰᠣᠷᠪᠤᠯᠵᠢᠯᠠᠭ᠎ᠠ ᠶᠢ ᠣᠶᠢᠷ᠎ᠠ ᠳᠤ ᠠᠷᠠᠳ ᠤᠨ ᠡᠳᠦᠷ ᠤᠨ ᠰᠣᠨᠢᠨ ᠤ ᠠᠷᠠᠳ ᠤᠨ ᠰᠦᠯᠵᠢᠶ᠎ᠡ ᠳᠤ ᠨᠡᠶᠢᠳᠡᠯᠡᠬᠦ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠤ᠂ ᠪᠦᠬᠦ ᠨᠠᠮ ᠪᠦᠬᠦ ᠨᠡᠶᠢᠭᠡᠮ ᠤᠨ ᠬᠦᠴᠦᠨ ᠢ ᠨᠢᠭᠡᠳᠬᠡᠨ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠷᠢᠰᠢᠯ ᠢ  ᠪᠦᠷᠢᠯᠳᠦᠬᠦᠯᠬᠦ ᠶᠢᠨ ᠲᠦᠯᠦᠭᠡ᠂ 2023 ᠣᠨ ᠤ ᠪᠥᠬᠦ ᠤᠯᠤᠰ ᠤᠨ ︽ᠬᠤᠶᠠᠷ ᠬᠤᠷᠠᠯ ︾ ᠤᠨ ᠬᠤᠭᠤᠴᠠᠭᠠᠨ ᠳᠤ᠂ ᠠᠷᠠᠳ ᠤᠨ ᠰᠦᠯᠵᠢᠶ᠎ᠡ ᠶᠢᠨ ᠡᠳ᠋ ᠤᠨ ᠵᠠᠰᠠᠭ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠲᠥᠪ︶ ᠨᠢ ︽ ᠬᠥᠳᠡᠭᠡ ᠲᠣᠰᠬᠤᠨ ᠤ ᠬᠦᠭᠵᠢᠯ ᠮᠠᠨᠳᠤᠯ · ᠳᠤᠮᠳᠠᠳᠤ ᠤᠯᠤᠰ ᠤᠨ ᠬᠦᠴᠦᠨ ᠴᠢᠳᠠᠯ︾  ᠬᠡᠮᠡᠬᠦ ᠰᠢᠷᠢᠰ ᠰᠣᠷᠪᠤᠯᠵᠢᠯᠠᠭ᠎ᠠ ᠶᠢ ᠬᠢᠬᠦ ᠪᠠᠷ ᠪᠤᠯᠵᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠣᠷᠣᠨ ᠨᠤᠲᠤᠭ ᠤᠨ ᠤᠳᠤᠷᠢᠳᠤᠯᠭ᠎ᠠ᠂ ᠡᠷᠳᠡᠮᠲᠡᠨ ᠮᠡᠷᠭᠡᠳ᠂ ᠠᠵᠢᠯ ᠲᠥᠷᠥᠯ ᠤᠨ ᠲᠥᠯᠥᠭᠡᠯᠡᠭᠴᠢ ᠶᠢ ᠠᠷᠠᠳ ᠤᠨ ᠡᠳᠦᠷ ᠤᠨ ᠰᠣᠨᠢᠨ ᠤ ᠠᠷᠠᠳ ᠤᠨ ᠰᠦᠯᠵᠢᠶ᠎ᠡ ᠶᠢᠨ ᠰᠤᠷᠪᠤᠯᠵᠢᠯᠠᠭ᠎ᠠ ᠳᠤ  ᠤᠷᠢᠵᠤ  ᠤᠷᠤᠯᠴᠠᠭᠤᠯᠤᠭᠰᠠᠨ ᠪᠠᠶᠢᠨ᠎ᠠ ᠃ ᠰᠣᠷᠪᠤᠯᠵᠢᠯᠠᠭ᠎ᠠ ᠶᠢᠨ ᠳᠤᠮᠳᠠ᠂ ᠠᠷᠠᠳ ᠤᠨ ᠡᠳᠦᠷ ᠤᠨ ᠰᠣᠨᠢᠨ ᠤ ᠬᠤᠷᠢᠶ᠎ᠠ ᠶᠢᠨ ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ ᠠᠴᠠ  ᠠᠰᠠᠭᠤᠵᠤ ᠬᠠᠷᠢᠭᠤᠯᠬᠤ ᠬᠡᠯᠪᠡᠷᠢ ᠪᠠᠷ᠂ ᠲᠠᠶᠢᠹᠤᠰᠧ ᠬᠤᠰᠢᠭᠤᠨ ᠤ ᠶᠠᠳᠠᠭᠤ   ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ  ᠲᠠᠯᠠᠪᠠᠷ ᠶᠠᠮᠠᠷᠬᠠᠨ ᠠᠷᠭ᠎ᠠ ᠪᠤᠳᠤᠯᠭ᠎ᠠ ᠠᠪᠤᠭᠰᠠᠨ᠂ ︽ᠲᠠᠪᠤᠨ ᠱᠠᠲᠤᠨ ᠤ ᠱᠦᠵᠢ︾ ᠶᠢᠨ ᠳᠣᠲᠣᠷᠠᠬᠢ ᠨᠢᠭᠡ ᠭᠡᠰᠢᠭᠦᠨ ᠪᠣᠯᠤᠭᠰᠠᠨ ᠤ ᠬᠤᠪᠢ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠠᠵᠢᠯ ᠢ ᠶᠠᠭᠠᠬᠢᠵᠤ  ᠠᠳᠬᠤᠭᠰᠠᠨ᠂ ᠲᠠᠶᠢᠹᠤᠰᠧ ᠬᠤᠰᠢᠭᠤᠨ ᠤ ᠣᠶᠢᠷ᠎ᠠ ᠶᠢᠨ ᠵᠢᠯ ᠤᠨ ᠰᠢᠨ᠎ᠡ ᠬᠦᠭᠵᠢᠯ ᠬᠤᠪᠢᠷᠠᠯᠲᠠ ᠪᠠ ᠠᠮᠵᠢᠯᠳᠠ ᠪᠦᠳᠦᠮᠵᠢ  ᠂᡽ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠠᠵᠢᠯ ᠤᠨ ᠠᠷᠭ᠎ᠠ ᠲᠤᠷᠰᠢᠯᠭ᠎ᠠ  ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ  ᠬᠦᠭᠵᠢᠬᠦᠯᠦᠭᠰᠡᠨ ᠠᠷᠭ᠎ᠠ ᠵᠠᠮ᠂  ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠬᠢᠭᠰᠡᠨ ᠠᠵᠢᠯ ᠵᠡᠷᠭᠡ ᠲᠠᠪᠤᠨ ᠲᠠᠯ᠎ᠠ ᠪᠠᠷ ᠵᠤᠤ ᠹᠧᠢ ᠫᠧᠩ  ᠱᠦᠵᠢ ᠶᠢ ᠲᠤᠰᠬᠠᠶᠢᠯᠠᠨ  ᠰᠤᠷᠪᠤᠯᠵᠢᠯᠠᠵᠠᠢ᠃       ᠵᠣᠣ ᠹᠧᠢ ᠫᠧᠩ ᠬᠡᠯᠡᠬᠦ ᠳᠡᠭᠡᠨ᠄      ᠣᠶᠢᠷ᠎ᠠ ᠶᠢᠨ ᠵᠢᠯ ᠳᠤ᠂  ᠲᠠᠶᠢᠹᠤᠰᠧ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂  ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠢᠭᠡ ᠪᠣᠯᠬᠤ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠤᠨ ᠪᠠᠶᠢᠭᠤᠯᠤᠯᠳᠠ  ︾ ᠶᠢ ᠴᠢᠷᠮᠠᠶᠢᠨ ᠪᠡᠶᠡᠯᠡᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠶᠢ ᠴᠢᠩᠭᠠᠷᠠᠭᠤᠯᠤᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠨ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠳᠤ ᠬᠦᠴᠦᠨ ᠨᠡᠮᠡᠷᠢᠯᠡᠪᠡ᠃     ᠦᠵᠡᠯ ᠰᠠᠨᠠᠭᠠᠨ ᠤ ᠵᠢᠯᠣᠭᠤᠳᠤᠯᠭ᠎ᠠ ᠶᠢ ᠳᠣᠪᠤᠶᠢᠯᠭᠠᠵᠤ᠂ ᠳᠣᠲᠣᠭᠠᠳᠤ ᠶᠢᠨ ᠬᠥᠳᠡᠯᠭᠡᠭᠦ ᠬᠦᠴᠦᠨ ᠢ ᠴᠢᠩᠭᠠᠷᠠᠭᠤᠯᠤᠭᠰᠠᠨ᠃ ᠨᠠᠮ ᠤᠨ ᠪᠠᠶᠢᠭᠤᠯᠤᠯᠲᠠ ᠪᠠᠷ ᠵᠠᠮᠴᠢᠯᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠬᠦᠴᠦᠷᠭᠡᠭᠵᠢᠬᠦᠯᠦᠨ᠂ ᠡᠷᠲᠡ ᠠᠴᠠ ᠲᠥᠯᠥᠪᠵᠢᠭᠦᠯᠦᠨ ᠪᠠᠶᠢᠷᠢᠯᠠᠭᠤᠯᠵᠤ  ᠂ ᠨᠠᠷᠢᠨ ᠨᠢᠮᠪᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠠᠵᠢᠯ ᠤᠨ ᠭᠤᠣᠯᠳᠠᠯᠭ᠎ᠠ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ  ᠂ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷ ᠤᠨ ᠬᠠᠮᠢᠶᠠᠷᠤᠯᠲᠠ ᠶᠢᠨ ᠨᠠᠷᠢᠨ ᠳᠦᠷᠢᠮ ᠢ ᠲᠤᠭᠳᠠᠭᠠᠵᠤ᠂ ᠶᠠᠳᠠᠭᠤ   ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠡᠯ᠎ᠡ  ᠲᠦᠷᠦᠯ ᠤᠨ ᠡᠭᠦᠷᠭᠡ ᠶᠢ ᠪᠣᠳᠠᠲᠠᠢ ᠳᠤ  ᠨᠠᠶᠢᠳᠠᠪᠤᠷᠢᠵᠢᠭᠤᠯᠤᠭᠰᠠᠨ ᠪᠠᠶᠢᠨ᠎ᠠ᠃      ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠲᠠᠪᠤᠨ ᠶᠡᠭᠡ ᠬᠥᠭᠵᠢᠯ ᠮᠠᠨᠳᠤᠯ︾ ᠢ ᠰᠠᠶᠢᠲᠤᠷ ᠠᠳᠬᠤᠭᠰᠠᠨ᠃ ᠲᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠨ᠂ ᠡᠳ᠋ ᠬᠥᠷᠥᠩᠭᠡ  ᠪᠠᠷ ᠢᠶᠠᠨ ᠠᠰᠢᠭ ᠤᠷᠤᠯᠭ᠎ᠠ ᠤᠯᠬᠤ᠂ ᠦᠬᠡᠷ ᠬᠤᠨᠢ ᠨᠠᠶᠢᠳᠠᠨ ᠮᠠᠯᠵᠢᠭᠤᠯᠬᠤ᠂  ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠪᠠᠶᠢᠭᠤᠯᠬᠤ᠂ ︽ ᠲᠠᠭᠠᠭᠤᠯᠤᠭᠴᠢ ᠠᠵᠤ ᠠᠬᠤᠶᠢᠯᠠᠯ ᠤᠨ ᠠᠵᠢᠯ ᠣᠯᠭᠤᠯᠲᠠ + ᠠᠵᠤ ᠦᠢᠯᠡᠰ ᠤᠨ ᠰᠠᠭᠤᠷᠢᠨ ᠭᠠᠵᠠᠷ︾᠂ ︽ᠣᠨᠴᠠᠯᠢᠭᠲᠤ  ᠲᠠᠷᠢᠶᠠᠯᠠᠩ ᠮᠠᠯᠵᠢᠯ + ᠬᠦᠷᠢᠶ᠎ᠡ  ᠬᠠᠰᠢᠶᠠᠨ ᠤ ᠠᠵᠤ ᠠᠬᠤᠢ + ᠡᠯᠧᠺᠲᠷᠣᠨ ᠬᠤᠳᠠᠯᠳᠤᠭ᠎ᠠ︾᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭ᠎ᠠ  ᠵᠡᠷᠭᠡ ᠣᠯᠠᠨ ᠵᠦᠢᠯ ᠤᠨ ᠬᠡᠪ ᠵᠠᠭᠪᠤᠷ ᠢᠶᠠᠷ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠲᠠᠶᠢᠴᠢᠯᠠᠪᠠ᠃ 2022 ᠣᠨ ᠳᠤ᠂ ᠪᠥᠬᠦ ᠬᠤᠰᠢᠭᠤᠨ ᠤ ᠮᠠᠯᠴᠢᠨ ᠲᠠᠷᠢᠶᠠᠴᠢᠨ ᠡᠷᠦᠬᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ 8 % ᠬᠦᠷᠴᠦ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠡᠮᠵᠢᠶ᠎ᠡ ᠠᠴᠠ 1.7 ᠵᠠᠭᠤᠨ ᠤ ᠬᠤᠪᠢ   ᠶᠢᠨ ᠴᠡᠭ ᠥᠨᠳᠥᠷ ᠪᠣᠯᠪᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠨᠡᠶᠢᠲᠡ 3000 ᠰᠢᠬᠠᠮ ᠲᠦᠮᠡᠨ ᠲᠥᠭᠦᠷᠢᠭ ᠤᠨ ᠪᠡᠯᠡ ᠤᠷᠤᠭᠤᠯᠤᠨ᠂ ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ᠂ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠪᠣᠬᠢᠷ ᠤᠰᠤ ᠶᠢ ᠵᠠᠰᠠᠬᠤ᠂ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠵᠡᠷᠭᠡ ᠢᠨᠵᠧᠨᠧᠷᠢᠩ ᠢ  ᠠᠬᠢᠭᠤᠯᠤᠭᠠᠳ᠂  ᠭᠡᠪᠴᠢᠶᠡᠵᠢᠭᠰᠡᠨ ᠮᠠᠯᠵᠢᠯ ᠤᠨ ᠲᠠᠯᠠᠪᠠᠶ ᠶᠢᠨ ᠪᠣᠬᠢᠷᠳᠤᠯ ᠢ ᠰᠢᠢᠳᠪᠦᠷᠢᠯᠡᠬᠦ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠨᠣᠷᠮ᠎ᠠ 100% ᠳᠤ ᠬᠦᠷᠴᠦ᠂ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠳᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ 85% ᠳᠤ ᠬᠦᠷᠦᠭᠰᠡᠨ ᠪᠦᠭᠡᠳ  ᠪᠡᠯᠴᠢᠭᠡᠷᠯᠡᠬᠦᠯᠬᠦ ᠶᠢ ᠴᠠᠭᠠᠵᠠᠯᠠᠬᠤ ᠣᠷᠣᠨ ᠳᠤ ᠮᠠᠯ ᠪᠡᠯᠴᠢᠭᠡᠷᠯᠡᠬᠦ ᠦᠭᠡᠢ᠂  ᠮᠠᠯ  ᠪᠡᠯᠴᠢᠭᠡᠷ ᠢ ᠲᠡᠩᠴᠡᠬᠦᠷᠢᠰᠢᠬᠦᠯᠬᠦ ᠣᠷᠣᠨ ᠳᠤ ᠳᠠᠭᠠᠭᠠᠴᠠ   ᠠᠴᠠ ᠬᠡᠲᠦᠷᠡᠬᠦ ᠦᠭᠡᠢ ᠪᠠᠶᠢᠬᠤ ᠶᠢ ᠪᠠᠳᠤᠯᠠᠵᠤ᠂ ᠡᠶ᠎ᠡ ᠨᠠᠶᠢᠷᠠᠮᠳᠠᠭᠤ  ᠲᠤᠬᠢᠯᠢᠭ ᠰᠠᠶᠢᠬᠠᠨ ᠭᠡᠷ ᠣᠷᠣᠨ ᠢ ᠪᠥᠬᠦ ᠬᠦᠴᠦᠨ ᠢᠶᠠᠷ ᠡᠬᠦᠳᠦᠨ ᠪᠠᠶᠢᠭᠤᠯᠪᠠ᠃      ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠵᠤ᠂ ᠠᠵᠤ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠤᠭᠰᠠᠨ᠃ ᠣᠨᠴᠠᠯᠢᠭᠲᠤ ᠲᠠᠷᠢᠮᠠᠯ ᠤᠨ ᠠᠵᠤ ᠦᠢᠯᠡᠰ ᠢ ᠪᠤᠵᠠᠭᠠᠶᠢᠷᠠᠭᠤᠯᠤᠨ᠂ ︽ᠺᠣᠮᠫᠠᠨᠢ + ᠰᠠᠭᠤᠷᠢᠨ ᠭᠠᠵᠠᠷ + ᠲᠠᠷᠢᠶᠠᠴᠢᠨ ᠡᠷᠦᠬᠡ︾  ᠠᠵᠤ  ᠦᠢᠯᠡᠰᠵᠢᠬᠦᠯᠦᠭᠰᠡᠨ ᠵᠠᠭᠪᠤᠷ ᠢ ᠳᠡᠯᠭᠡᠷᠡᠭᠦᠯᠵᠦ᠂ ᠰᠢᠬᠢᠷ ᠯᠤᠤᠪᠠᠩ ᠳᠠᠷᠢᠬᠤ ᠳᠤ ᠲᠡᠮᠵᠢᠯᠭᠡ ᠦᠵᠡᠬᠦᠯᠬᠦ ᠡᠷᠴᠢᠮ ᠢᠶᠠᠨ ᠴᠢᠩᠭᠠᠷᠠᠭᠤᠯᠤᠨ᠂  ᠲᠦᠮᠦᠰᠦᠨ ᠤ ᠠᠵᠤ ᠦᠢᠯᠡᠰ ᠤᠨ ᠬᠡᠯᠬᠢᠶ᠎ᠡ ᠶᠢ ᠶᠡᠬᠡᠪᠡᠷ ᠬᠥᠭᠵᠢᠭᠦᠯᠵᠦ᠂  ᠺᠠᠢ ᠳ᠋ᠠ ᠲᠦᠮᠦᠰᠦᠨ ᠤ ᠠᠵᠤ ᠦᠢᠯᠡᠰ ᠤᠨ ᠭᠡᠯᠬᠢᠶᠡᠨ ᠤ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠤᠷᠢᠵᠤ ᠣᠷᠣᠭᠤᠯᠤᠨ᠂ 70 ᠲᠦᠮᠡᠨ ᠲᠣᠨ ᠲᠦᠮᠦᠰᠦ ᠡᠳ᠋ᠰᠢᠬᠦᠯᠬᠦ ᠪᠡᠯᠡᠳᠭᠡᠯ ᠬᠢᠭᠰᠡᠨ ᠪᠠᠶᠢᠨ᠎ᠠ᠃ ᠲᠥᠷᠥ ᠶᠢᠨ ᠪᠣᠳᠣᠯᠭ᠎ᠠ ᠪᠠᠷ ᠠᠬᠢᠭᠤᠯᠬᠤ᠂  ᠰᠢᠨᠵᠢᠯᠡᠭᠡ ᠮᠡᠷᠭᠡᠵᠢᠯ ᠢᠶᠠᠷ ᠠᠬᠢᠭᠤᠯᠬᠤ᠂ ᠵᠠᠬ᠎ᠠ ᠳᠡᠯᠭᠡᠭᠦᠷ ᠢᠶᠠᠷ ᠳᠠᠶᠢᠴᠢᠯᠠᠬᠤ ᠵᠡᠷᠭᠡ ᠠᠷᠭ᠎ᠠ ᠪᠠᠷᠢᠯ ᠢᠶᠠᠷ ᠲᠠᠮᠵᠢᠭᠠᠳ᠂ ᠲᠠᠷᠢᠶᠠᠴᠢᠳ ᠤᠨ ᠢᠳᠡᠪᠬᠢᠵᠢᠯ ᠢ ᠲᠠᠶᠢᠴᠢᠯᠠᠨ᠂  ᠠᠰᠢᠭ ᠣᠷᠣᠯᠭ᠎ᠠ  ᠶᠢ ᠨᠢ ᠪᠦᠳᠦᠮᠵᠢᠳᠡᠢ ᠨᠡᠮᠡᠭᠳᠡᠬᠦᠯᠪᠡ᠃ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠠᠶᠢᠨ ᠡᠭᠦᠯᠳᠡᠷ ᠤᠨ ᠮᠢᠬᠠᠨ ᠤ ᠦᠬᠡᠷ ᠮᠠᠯᠵᠢᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠂  ᠮᠢᠬᠠᠨ ᠤ ᠦᠬᠡᠷ ᠢ ᠦᠷᠡᠵᠢᠭᠦᠯᠦᠨ ᠪᠣᠶᠢᠵᠢᠭᠤᠯᠬᠤ᠂  ᠪᠣᠷᠳᠣᠵᠤ ᠲᠠᠷᠭᠤᠯᠠᠭᠤᠯᠬᠤ᠂ ᠨᠢᠲᠤᠯᠵᠤ ᠡᠳ᠋ᠰᠢᠭᠦᠯᠬᠦ ᠪᠥᠬᠦ ᠠᠵᠤ ᠦᠢᠯᠡᠰ ᠤᠨ ᠬᠡᠯᠬᠢᠶ᠎ᠡ ᠶᠢ ᠠᠩᠬ᠎ᠠ ᠠᠯᠬᠤᠮ ᠪᠣᠶ ᠪᠣᠯᠭᠠᠵᠤ᠂ ᠪᠣᠬᠢᠷᠳᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠭᠠᠯᠳᠠ ᠶᠢᠨ ᠭᠠᠵᠠᠷ ᠢ  ᠡᠬᠦᠳᠦᠨ ᠪᠠᠶᠢᠭᠤᠯᠤᠭᠰᠠᠨ ᠪᠠᠶᠢᠨ᠎ᠠ᠃     ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠠᠮ ᠢᠶᠠᠷ ᠰᠠᠶᠢᠲᠤᠷ ᠵᠠᠮᠨᠠᠭᠰᠠᠨ᠃ ᠤᠨᠴᠠᠯᠢᠭᠳᠤ ᠳᠠᠪᠠᠭᠤᠯᠢᠭ ᠲᠠᠷᠢᠶᠠᠯᠠᠩ ᠮᠠᠯᠵᠢᠯ ᠤᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠤᠭᠰᠠᠨ ᠰᠠᠭᠤᠷᠢᠨ ᠳᠡᠭᠡᠷ᠎ᠡ᠂ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠥᠷᠢᠰᠦᠯᠳᠦᠬᠦ ᠬᠦᠴᠦᠨ ᠢᠶᠠᠷ ᠴᠢᠩᠭ᠎ᠠ ᠠᠵᠤ ᠦᠢᠯᠡᠰ ᠤᠨ ᠰᠦᠷᠦᠭᠵᠢᠯ ᠢ ᠪᠣᠶ ᠪᠤᠯᠭᠠᠨ᠂  ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠭᠤᠣᠯ ᠰᠢᠵᠢᠮ ᠢ ᠪᠠᠷᠢᠮᠲᠠᠯᠠᠵᠤ᠂  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠪᠦᠬᠦ ᠲᠠᠯᠠᠪᠠᠷ ᠨᠡᠮᠡᠭᠳᠡᠬᠦᠯᠦᠨ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠡᠷᠴᠢᠮ ᠢ ᠴᠢᠩᠭᠠᠷᠠᠭᠤᠯᠵᠤ᠂ ᠲᠣᠰ ᠭᠠᠵᠠᠷ ᠣᠷᠣᠨ ᠤ   ᠪᠠᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠳᠤ ᠲᠤᠬᠢᠷᠠᠭᠰᠠᠨ ᠰᠢᠨ᠎ᠡ ᠭᠡᠪ ᠵᠠᠭᠪᠤᠷ ᠰᠢᠨ᠎ᠡ ᠠᠷᠭ᠎ᠠ ᠵᠠᠮ ᠢ ᠬᠠᠶᠢᠵᠤ ᠢᠷᠡᠪᠡ᠃ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠨᠢᠭᠡᠳᠦᠯᠲᠡᠢ ᠲᠦᠯᠦᠪᠯᠡᠵᠦ᠂ ᠠᠵᠤ ᠦᠢᠯᠡᠰ ᠤᠨ ᠠᠭᠤᠰᠤᠯᠴᠠᠬᠤ ᠠᠯᠬᠤᠴᠠ ᠶᠢ ᠲᠠᠰᠤᠷᠠᠯᠲᠠ ᠦᠭᠡᠢ ᠲᠦᠷᠭᠡᠳᠭᠡᠨ᠂ ᠭᠤᠣᠯ ᠬᠤᠲᠠ ᠪᠠᠯᠭᠠᠰᠤᠨ ᠳᠤ ᠴᠢᠭᠯᠡᠬᠦᠯᠵᠦ ᠠᠵᠤ ᠦᠢᠯᠡᠳᠪᠦᠷᠢ ᠶᠢᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠂  ᠮᠠᠯ   ᠤᠨ ᠠᠰᠢᠭ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠬᠦᠯᠬᠦ᠂ ᠲᠤᠨᠤᠭ ᠲᠥᠬᠦᠭᠡᠷᠦᠮᠵᠢ ᠪᠠ ᠰᠢᠨ᠎ᠡ ᠮᠠᠲ᠋ᠧᠷᠢᠶᠠᠯ ᠦᠢᠯᠡᠳᠪᠦᠷᠢᠯᠡᠬᠦ᠂ ᠳᠡᠭᠡᠳᠦ ᠰᠢᠨ᠎ᠡ ᠮᠡᠷᠭᠡᠵᠢᠯ  ᠪᠠ ᠬᠥᠩᠭᠡᠨ ᠠᠵᠤ ᠦᠢᠯᠡᠳᠪᠦᠷᠢ ᠶᠢᠨ ᠠᠵᠢᠯ ᠲᠥᠷᠥᠯ ᠢᠶᠠᠷ ᠨᠢᠷᠤᠭᠤ  ᠪᠤᠯᠭᠠᠵᠤ᠂ ᠮᠢᠬ᠎ᠠ᠂ ᠠᠷᠢᠬᠢ᠂ ᠲᠣᠰᠣ᠂ ᠰᠢᠬᠢᠷ᠂ ᠡᠮ᠂ ᠰᠦᠯᠢᠶᠥᠦ᠂ ᠴᠠᠬᠢᠯᠭᠠᠨ ᠢᠶᠠᠷ ᠲᠤᠯᠭᠠᠭᠤᠷᠢ ᠪᠣᠯᠭᠠᠭᠰᠠᠨ ᠤᠳᠤ ᠦᠶ᠎ᠡ ᠶᠢᠨ ᠠᠵᠤ ᠦᠢᠯᠡᠳᠪᠦᠷᠢ ᠶᠢᠨ ᠰᠢᠰᠲ᠋ᠧᠮᠵᠢ ᠦᠨᠳᠦᠰᠦᠨ ᠳᠡᠭᠡᠨ ᠪᠦᠷᠢᠯᠳᠦᠵᠡᠢ᠃ ᠲᠠᠷᠢᠶᠠᠯᠠᠩ ᠮᠠᠯᠵᠢᠯ ᠤᠨ ᠡᠬᠢ ᠪᠠᠶᠠᠯᠢᠭ ᠤᠨ ᠳᠠᠪᠠᠭᠤᠯᠢᠭ ᠤᠨ ᠲᠣᠭᠤᠷᠢᠨ  ᠳᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ   ᠶᠢᠨ ᠬᠥᠭᠵᠢᠯᠲᠡ ᠶᠢᠨ ᠰᠢᠰᠲ᠋ᠧᠮᠵᠢ ᠶᠢ ᠪᠠᠶᠢᠭᠤᠯᠵᠤ᠂ ᠡᠬᠡ ᠮᠠᠯ  ᠢ ᠨᠡᠮᠡᠭᠳᠡᠬᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠵᠠᠭᠤ ᠠᠴᠠ ᠲᠡᠭᠡᠭᠰᠢ ᠦᠬᠡᠷ ᠲᠠᠢ ᠭᠡᠪᠴᠢᠶᠡᠵᠢᠭᠰᠡᠨ ᠪᠣᠷᠳᠣᠵᠤ ᠲᠠᠷᠭᠤᠯᠠᠭᠤᠯᠬᠤ ᠡᠷᠦᠬᠡ ᠶᠢᠨ ᠭᠡᠷ᠎ᠡ ᠲᠣᠭᠲᠠᠬᠤ ᠲᠤᠭ᠎ᠠ ᠬᠡᠮᠵᠢᠶ᠎ᠡ ᠶᠢ ᠨᠡᠮᠡᠭᠳᠡᠬᠦᠯᠦᠨ᠂ ᠪᠡᠭᠡᠵᠢᠩ ᠲᠢᠶᠠᠨᠵᠢᠨ ᠾᠧᠪᠧᠢ ᠳᠤ ᠬᠠᠨᠳᠤᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠰᠠᠭᠤᠷᠢᠨ ᠭᠠᠵᠠᠷ ᠪᠠ ᠪᠥᠬᠦ ᠠᠶᠢᠮᠠᠭ ᠤᠨ ᠰᠠᠶᠢᠨ ᠡᠭᠦᠯᠳᠡᠷ ᠤᠨ ᠮᠢᠬᠠᠨ ᠤ ᠦᠬᠡᠷ ᠪᠤᠷᠳᠤᠨ ᠲᠠᠷᠭᠤᠯᠠᠭᠤᠯᠵᠤ᠂  ᠦᠰᠭᠡᠨ ᠦᠷᠡᠵᠢᠬᠦᠯᠵᠦ᠂ ᠨᠠᠷᠢᠯᠢᠭ ᠡᠳ᠋ᠰᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠬᠦ ᠲᠠᠯ᠎ᠠ ᠪᠠᠷ ᠡᠬᠦᠳᠦᠨ ᠪᠠᠶᠢᠭᠤᠯᠵᠠᠢ ᠭᠡᠪᠡ᠃     ᠲᠤᠬᠠᠢ ᠶᠢᠨ ᠡᠳᠦᠷ᠂ ᠵᠣᠣ ᠹᠧᠢ ᠫᠧᠩ  ᠵᠡᠷᠭᠡ ᠬᠦᠮᠦᠰ ᠪᠠᠰᠠ  ᠤᠯᠤᠰ ᠤᠨ ᠭᠤᠣᠯᠳᠠᠯᠭ᠎ᠠ ᠲᠠᠢ ᠰᠣᠨᠢᠨ ᠮᠡᠳᠡᠭᠡᠨ ᠤ ᠰᠦᠯᠵᠢᠶ᠎ᠡ ᠶᠢᠨ ︽ᠳᠠᠭᠠᠭᠤᠯᠤᠭᠴᠢ︾᠂ ᠣᠯᠠᠨ ᠤᠯᠤᠰ ᠤᠨ ᠢᠨᠲ᠋ᠧᠷ ᠰᠦᠯᠵᠢᠶ᠎ᠡ ᠶᠢᠨ ᠬᠠᠮᠤᠭ ᠤᠨ ᠲᠣᠮᠣ ᠶᠡᠷᠦᠩᠬᠡᠶᠢᠯᠡᠭᠰᠡᠨ ᠴᠢᠨᠠᠷᠲᠠᠢ ᠰᠦᠯᠵᠢᠶᠡᠨ ᠤ ᠵᠠᠭᠤᠴᠢᠯᠠᠭᠤᠷ ᠤᠨ ᠨᠢᠭᠡ ᠪᠣᠯᠤᠭᠰᠠᠨ ᠠᠷᠠᠳ ᠤᠨ ᠰᠦᠯᠵᠢᠶᠡᠨ  ᠤ ᠨᠡᠪᠲᠡᠷᠡᠭᠦᠯᠬᠦ ᠲᠢᠩᠬᠢᠮ᠂ ᠬᠠᠮ ᠵᠠᠭᠤᠴᠢᠯᠠᠭᠤᠷ ᠤᠨ ᠵᠢᠯᠤᠭᠤᠳᠬᠤ ᠲᠥᠪ ᠵᠡᠷᠭᠡ ᠶᠢ ᠲᠣᠭᠤᠷᠢᠨ ᠦᠵᠡᠵᠦ᠂ ᠠᠵᠢᠯᠲᠠᠳ ᠤᠨ ᠲᠠᠶᠢᠯᠤᠮᠵᠢ   ᠪᠠᠷ ᠠᠷᠠᠳ ᠤᠨ ᠡᠳᠦᠷ ᠤᠨ ᠰᠣᠨᠢᠨ ᠪᠣᠯᠣᠨ ᠠᠷᠠᠳ ᠤᠨ  ᠰᠦᠯᠵᠢᠶᠡᠨ ᠤ ᠬᠥᠭᠵᠢᠯᠲᠡ ᠶᠢᠨ ᠲᠡᠦᠬᠡ᠂ ᠭᠤᠣᠯ ᠡᠭᠦᠷᠭᠡ ᠴᠢᠳᠠᠮᠵᠢ᠂ ᠠᠵᠢᠯᠲᠠᠨ ᠤ  ᠪᠦᠷᠢᠯᠳᠦᠴᠡ ᠵᠡᠷᠭᠡ  ᠪᠠᠶᠢᠳᠠᠯ ᠢ ᠬᠠᠷᠠᠵᠤ ᠤᠶᠢᠯᠠᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号