ᠲᠠᠶᠢᠹᠤᠰᠧ ᠬᠤᠰᠢᠭᠤ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠤᠰᠬᠠᠢ ᠰᠡᠳᠦᠪᠲᠦ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2023/3/23
  ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ︽ᠨᠠᠢᠮᠠᠳᠤᠭᠠᠷ ᠲᠠᠪᠤᠨ ᠵᠢᠯ︾  ᠤᠨ ᠬᠠᠤᠯᠢ  ᠲᠦᠭᠡᠮᠡᠯᠵᠢᠭᠦᠯᠬᠦ ᠲᠥᠯᠦᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠠᠬᠢᠭᠤᠯᠤᠨ᠂ ᠥᠨᠳᠥᠷ ᠬᠡᠪ ᠪᠣᠯᠪᠠᠰᠤᠷᠠᠯ ᠲᠠᠢ ᠬᠠᠤᠯᠢ ᠲᠦᠭᠡᠮᠡᠯᠵᠢᠭᠦᠯᠬᠦ ᠭᠤᠣᠯᠯᠠᠭᠴᠢ ᠬᠦᠴᠦᠨ ᠤ ᠡᠩᠨᠡᠭᠡ ᠶᠢ ᠬᠥᠮᠥᠵᠢᠭᠦᠯᠬᠦ ᠶᠢᠨ ᠲᠥᠯᠥᠭᠡ᠂ 3 ᠰᠠᠷ᠎ᠠ ᠶᠢᠨ 22  ᠤᠨ ᠡᠳᠦᠷ ᠲᠠᠶᠢᠹᠤᠰᠧ ᠬᠤᠰᠢᠭᠤ ᠪᠦᠬᠦ ᠠᠶᠢᠮᠠᠭ ᠤᠨ ︽ᠨᠠᠢᠮᠠᠳᠤᠭᠠᠷ ᠲᠠᠪᠤᠨ ᠵᠢᠯ︾  ᠤᠨ ᠬᠠᠤᠯᠢ ᠲᠦᠭᠡᠮᠡᠯᠵᠢᠭᠦᠯᠬᠦ ᠲᠤᠰᠬᠠᠢ ᠰᠡᠳᠦᠪᠲᠦ ᠲᠠᠶᠢᠯᠤᠮᠵᠢ ᠵᠢᠴᠢ ᠬᠠᠤᠯᠢ ᠲᠦᠭᠡᠮᠡᠯᠵᠢᠭᠦᠯᠬᠦ ᠭᠤᠣᠯᠯᠠᠭᠴᠢ ᠬᠦᠴᠦᠨ ᠤ ᠪᠣᠯᠪᠠᠰᠤᠷᠠᠯ ᠡᠷᠬᠢᠯᠡᠪᠡ᠃ ᠡᠨᠡ  ᠤᠳᠠᠭ᠎ᠠ᠂ ᠪᠧᠢ ᠶᠤᠸᠠᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠨᠢᠦ ᠲᠦᠩ ᠴᠢᠩ ᠬᠠᠤᠯᠢᠴᠢ ᠶᠢ ᠤᠷᠢᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ᠳᠤ ᠲᠠᠶᠢᠯᠤᠮᠵᠢ ᠬᠢᠯᠭᠡᠭᠰᠡᠨ ᠪᠠᠶᠢᠨ᠎ᠠ᠃ ᠪᠣᠯᠪᠠᠰᠤᠷᠠᠯ ᠨᠢ ᠰᠢᠨ᠎ᠡ ᠬᠠᠭᠤᠴᠢᠨ ᠢ ᠬᠠᠷᠢᠴᠠᠭᠤᠯᠵᠤ᠂ ᠬᠡᠷᠡᠭ ᠤᠨ ᠵᠢᠱᠢᠶ᠎ᠡ ᠪᠠᠷ ᠡᠰᠢᠯᠡᠨ  ᠂ ᠵᠠᠰᠠᠭ ᠵᠠᠬᠢᠷᠭᠠᠨ ᠤ ᠰᠢᠳᠬᠡᠯ ᠤᠨ ᠲᠥᠷᠥᠯ ᠵᠦᠢᠯ᠂  ᠠᠯᠬᠤᠮ ᠶᠠᠪᠤᠴᠠ ᠪᠠ ᠬᠠᠤᠯᠢ ᠬᠡᠷᠡᠭᠵᠢᠭᠦᠯᠬᠦ ᠠᠵᠢᠯᠲᠠᠨ ᠤ ᠠᠩᠬᠠᠷᠬᠤ ᠴᠢᠬᠤᠯᠠᠲᠠᠢ ᠵᠦᠢᠯᠡᠰ ᠵᠡᠷᠭᠡ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠵᠡᠢ᠃ ᠪᠣᠯᠪᠠᠰᠤᠷᠠᠯ  ᠢᠶᠠᠷ ᠲᠠᠮᠵᠢᠭᠠᠳ᠂ ᠬᠠᠤᠯᠢ ᠲᠦᠭᠡᠮᠡᠯᠵᠢᠭᠦᠯᠬᠦ ᠠᠵᠢᠯᠳᠠᠳ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ᠶᠢᠨ ᠰᠢᠨ᠎ᠡ ᠠᠭᠤᠯᠭ᠎ᠠ ᠰᠢᠨ᠎ᠡ ᠱᠠᠭᠠᠷᠳᠠᠯᠭ᠎ᠠ ᠶᠢ ᠤᠯᠠᠮ ᠰᠠᠶᠢᠨ ᠣᠶᠢᠯᠠᠭᠠᠨ ᠡᠵᠡᠮᠰᠢᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢᠨ ᠲᠤᠬᠠᠢ ᠲᠠᠨᠢᠯᠲᠠ ᠪᠠ ᠬᠠᠤᠯᠢ ᠬᠡᠷᠡᠭᠵᠢᠭᠦᠯᠬᠦ ᠴᠢᠳᠠᠪᠤᠷᠢ   ᠪᠠᠨ  ᠲᠡᠭᠡᠭᠰᠢᠯᠡᠬᠦᠯᠦᠭᠡᠳ᠂ ︽ᠡᠨᠡ ᠤᠳᠠᠭᠠᠨ ᠤ ᠪᠣᠯᠪᠠᠰᠤᠷᠠᠯ ᠨᠢ ᠴᠠᠭ ᠲᠠᠭᠠᠨ ᠮᠠᠰᠢ ᠲᠣᠬᠢᠷᠠᠵᠤ᠂ ᠬᠤᠶᠢᠰᠢᠳᠠ ᠶᠢᠨ ᠠᠵᠢᠯ ᠢᠶᠠᠨ ᠠᠬᠢᠭᠤᠯᠬᠤ ᠳᠤ ᠮᠠᠰᠢ ᠴᠢᠩᠭ᠎ᠠ  ᠲᠤᠯᠢᠯᠠᠬᠤ ᠪᠠ ᠵᠢᠯᠤᠭᠤᠳᠬᠤ ᠠᠴᠢ ᠬᠤᠯᠪᠣᠭᠳᠠᠯ ᠭᠠᠷᠭᠠᠯ᠎ᠠ  ᠂ ᠬᠤᠶᠢᠰᠢᠳᠠ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ  ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠢᠯ ᠬᠢᠵᠦ  ᠦᠢᠯᠡᠰ ᠪᠦᠳᠦᠭᠡᠬᠦ᠂ ᠠᠷᠠᠳ ᠲᠦᠮᠡᠨ ᠳᠤ ᠦᠢᠯᠡᠴᠢᠯᠡᠬᠦ ᠪᠥᠬᠦ ᠶᠠᠪᠤᠴᠠ ᠡᠯ᠎ᠡ ᠲᠠᠯ᠎ᠠ ᠳᠤ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︾ ᠬᠡᠵᠦ  ᠢᠯᠡᠷᠭᠡᠶᠢᠯᠡᠵᠡᠭᠡᠪᠡ  ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ   ᠤᠨ ᠬᠠᠮᠢᠶ᠎ᠠ ᠪᠦᠬᠦᠢ ᠤᠳᠤᠷᠢᠳᠤᠯᠭ᠎ᠠ 200 ᠰᠢᠬᠠᠮ ᠬᠥᠮᠥᠨ ᠪᠣᠯᠪᠠᠰᠤᠷᠠᠯ ᠳᠤ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号