ᠲᠠᠶᠢᠹᠤᠰᠧ ᠬᠤᠰᠢᠭᠤ ︽ᠳᠡᠯᠡᠬᠡᠢ ᠶᠢᠨ ᠤᠰᠤᠨ ᠤ ᠡᠳᠦᠷ︾ ᠵᠢᠴᠢ ︽ᠳᠤᠮᠳᠠᠳᠤ ᠤᠯᠤᠰ ᠤᠨ ᠤᠰᠤᠨ ᠤ ᠭᠠᠷᠠᠭ︾  ᠤᠨ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2023/3/23
   3 ᠰᠠᠷ᠎ᠠ ᠶᠢᠨ 22  ᠤᠨ ᠡᠳᠦᠷ᠂ ᠲᠠᠶᠢᠹᠤᠰᠧ ᠬᠤᠰᠢᠭᠤᠨ ᠤ ᠬᠢᠨ ᠭᠤᠴᠢᠨ ᠨᠢᠭᠡᠳᠦᠭᠡᠷ ᠬᠤᠭᠤᠴᠠᠭᠠᠨ ᠤ ︽ᠳᠡᠯᠡᠬᠡᠢ ᠶᠢᠨ ᠤᠰᠤᠨ ᠤ ᠡᠳᠦᠷ︾᠂ ᠭᠤᠴᠢᠨ ᠵᠢᠷᠭᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾   ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃  ᠠᠬᠤᠢ ᠲᠠᠯᠠᠪᠠᠢ ᠳᠤ᠂  ᠤᠰᠤᠨ ᠠᠰᠢᠭᠯᠠᠯᠲᠠ ᠶᠢᠨ ᠲᠤᠪᠴᠢᠶᠠᠨ ᠤ ᠠᠵᠢᠯᠳᠠᠳ ᠭᠤᠣᠯ ᠰᠡᠳᠦᠪᠲᠦ ᠤᠬᠠᠭᠤᠯᠭ᠎ᠠ ᠶᠢᠨ ᠰᠠᠮᠪᠠᠷ᠎ᠠ ᠭᠠᠷᠭᠠᠵᠤ᠂ ᠤᠰᠤ ᠠᠷᠪᠢᠯᠠᠬᠤ ᠮᠡᠳᠡᠯᠭᠡ ᠶᠢᠨ ᠭᠠᠷ ᠠᠪᠤᠯᠭ᠎ᠠ᠂ ᠤᠰᠤᠨ ᠤ ᠬᠠᠮᠢᠶᠠᠳᠠᠢ  ᠬᠠᠤᠯᠢ ᠲᠦᠷᠢᠮ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠤ ᠬᠠᠮᠲᠤ᠂  ᠪᠤᠤᠴᠠᠩ ᠪᠠᠯᠭᠠᠰᠤᠨ ᠤ ᠤᠯᠠᠨ ᠨᠡᠶᠢᠲᠡ ᠶᠢᠨ ᠤᠬᠠᠭᠤᠯᠭ᠎ᠠ ᠶᠢᠨ ᠰᠠᠮᠪᠠᠷ᠎ᠠ ᠳᠤ ᠤᠬᠠᠭᠤᠯᠭ᠎ᠠ ᠶᠢᠨ ᠵᠠᠷᠯᠠᠯ ᠨᠠᠭᠠᠵᠤ᠂ ᠤᠯᠠᠨ ᠲᠦᠮᠡᠨ ᠳᠤ  ᠨᠠᠭᠤᠷ ᠭᠤᠣᠯ ᠢ ᠬᠠᠮᠠᠭᠠᠯᠠᠬᠤ ᠶᠢᠨ ᠴᠢᠬᠤᠯᠠ ᠴᠢᠨᠠᠷ ᠢ  ᠲᠠᠨᠢᠭᠤᠯᠤᠨ᠂ ᠠᠮᠢᠳᠤᠷᠠᠯ ᠤᠨ ᠲᠤᠮᠳᠠᠬᠢ ᠠᠷᠰᠠᠷ ᠶᠠᠪᠤᠳᠠᠯ ᠠᠴᠠ ᠭᠠᠷᠳᠠᠵᠤ᠂  ᠤᠰᠤᠨ ᠤ ᠡᠬᠢ ᠪᠠᠶᠠᠯᠢᠭ ᠢ ᠠᠷᠪᠢᠯᠠᠬᠤ᠂ ᠤᠰᠤᠨ ᠤ ᠣᠷᠴᠢᠨ ᠲᠣᠭᠤᠷᠢᠨ ᠢ ᠬᠠᠮᠠᠭᠠᠯᠠᠬᠤ ᠳᠤ  ᠬᠦᠴᠦᠨ ᠨᠡᠮᠡᠷᠢᠯᠡᠬᠦ ᠬᠡᠷᠡᠭᠲᠡᠢ ᠬᠡᠵᠦ ᠤᠬᠠᠭᠤᠯᠤᠭᠰᠠᠨ ᠪᠠᠶᠢᠨ᠎ᠠ᠃ ᠠᠵᠢᠯᠯᠠᠭ᠎ᠠ ᠨᠢ ᠪᠠᠰᠠ ᠪᠦᠭᠦ ᠬᠤᠰᠢᠭᠤᠨ ᠤ ᠠᠷᠠᠳ ᠲᠦᠮᠡᠨ ᠳᠤ ᠰᠠᠨᠠᠭᠠᠴᠢᠯᠠᠭ᠎ᠠ ᠭᠠᠷᠭᠠᠵᠤ᠂ ᠤᠰᠤᠨ ᠤ ᠪᠠᠶᠢᠳᠠᠯ ᠤᠨ ᠲᠤᠬᠠᠢ ᠮᠡᠳᠡᠯᠭᠡ ᠶᠢ ᠢᠳᠡᠪᠬᠢᠲᠡᠢ ᠤᠬᠠᠭᠤᠯᠤᠨ᠂ ᠤᠰᠤ ᠠᠷᠪᠢᠯᠠᠬᠤ ᠣᠶᠢᠯᠠᠭᠠᠭᠳᠠᠬᠤᠨ ᠢ  ᠤᠯᠠᠮᠵᠢᠯᠠᠵᠤ᠂ ᠤᠰᠤ ᠠᠷᠪᠢᠯᠠᠬᠤ ᠬᠡᠪ ᠰᠤᠷᠲᠠᠯ ᠢ ᠪᠠᠳᠠᠷᠠᠭᠤᠯᠤᠨ᠂ ᠤᠰᠤ ᠶᠢ ᠠᠷᠪᠢᠯᠠᠬᠤ᠂ ᠤᠰᠤ ᠶᠢ ᠬᠠᠶᠢᠷᠠᠯᠠᠬᠤ᠂ ᠰᠢᠨᠵᠢᠯᠡᠬᠦ ᠤᠬᠠᠭᠠᠨᠴᠢ ᠪᠠᠷ ᠤᠰᠤ ᠬᠡᠷᠡᠭᠯᠡᠬᠦ ᠳᠠᠳᠬᠠᠯ ᠲᠠᠢ ᠪᠤᠯᠵᠠᠭᠠᠵᠤ᠂ ᠦᠵᠡᠰᠬᠦᠯᠡᠩᠲᠦ ᠰᠠᠶᠢᠬᠠᠨ ᠲᠠᠶᠢᠹᠤᠰᠧ ᠬᠤᠰᠢᠭᠤ ᠶᠢ ᠬᠠᠮᠲᠤ ᠪᠠᠷ ᠪᠠᠶᠢᠭᠤᠯᠬᠤ᠂ ᠬᠥᠮᠥᠨ ᠤᠰᠤᠨ ᠤ ᠡᠶ᠎ᠡ ᠵᠣᠬᠢᠴᠠᠯ ᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠭᠡᠷᠡᠭᠳᠡᠢ ᠬᠡᠵᠦ ᠤᠯᠠᠨ ᠲᠦᠮᠡᠨ ᠢ ᠤᠷᠢᠶᠠᠯᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号