ᠪᠥᠬᠦ ᠠᠶᠢᠮᠠᠭ ᠤᠨ ᠰᠦᠯᠵᠢᠶᠡᠨ ᠤ ᠠᠶᠤᠯ  ᠬᠡᠮ ᠢ ᠪᠠᠶᠢᠴᠠᠭᠠᠨ ᠴᠡᠭᠴᠡᠯᠡᠬᠦ  ᠳᠤᠭᠤᠶᠢᠯᠠᠩ ᠲᠠᠶᠢᠹᠤᠰᠧ ᠬᠤᠰᠢᠭᠤᠨ ᠳᠤ ᠢᠷᠡᠵᠦ ᠪᠠᠶᠢᠴᠠᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2023/3/23
    ᠪᠥᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠰᠦᠯᠵᠢᠶ᠎ᠡ ᠪᠠ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ  ᠲᠣᠭᠲᠠᠭᠤᠨ ᠠᠵᠢᠯᠯᠠᠭᠠᠨ ᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ ᠪᠥᠬᠦ ᠠᠶᠢᠮᠠᠭ ᠤᠨ ᠰᠦᠯᠵᠢᠶᠡᠨ ᠤ ᠠᠶᠤᠯ ᠬᠡᠮ ᠢ  ᠪᠠᠶᠢᠴᠠᠭᠠᠨ ᠴᠡᠭᠴᠡᠯᠡᠬᠦ ᠳᠤᠭᠤᠶᠢᠯᠠᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ᠪᠠᠶᠢᠴᠠᠭᠠᠨ ᠵᠢᠯᠤᠭᠤᠳᠴᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠡᠰᠢᠭᠲᠦ ᠠᠴᠠ ᠪᠦᠭᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠶᠡᠷᠦᠩᠬᠡᠢ ᠪᠠᠶᠢᠳᠠᠯ ᠪᠣᠯᠣᠨ ᠰᠦᠯᠵᠢᠶᠡᠨ ᠤ ᠠᠶᠤᠯ ᠬᠡᠮ ᠢ ᠪᠠᠶᠢᠴᠠᠭᠠᠨ ᠴᠡᠭᠴᠡᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠠᠶᠢᠮᠠᠭ ᠤᠨ ᠪᠠᠶᠢᠴᠠᠭᠠᠨ ᠴᠡᠭᠴᠡᠯᠡᠬᠦ ᠳᠤᠭᠤᠶᠢᠯᠠᠩ ᠬᠢᠭᠡᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠠᠶᠢᠴᠠᠭᠠᠨ ᠴᠡᠭᠴᠡᠯᠡᠭᠰᠡᠨ ᠪᠠᠶᠢᠳᠠᠯ ᠤᠨ ᠲᠤᠬᠠᠢ ᠶᠠᠷᠢᠯᠴᠠᠨ ᠰᠣᠯᠢᠯᠴᠠᠪᠠ᠃ ᠶᠠᠷᠢᠯᠴᠠᠬᠤ ᠬᠤᠷᠠᠯ ᠤᠨ ᠲᠠᠷᠠᠭ᠎ᠠ᠂ ᠠᠵᠢᠯᠯᠠᠬᠤ ᠳᠤᠭᠤᠶᠢᠯᠠᠩ ᠤᠨ ᠬᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠦᠨᠵᠡᠬᠡᠶᠢᠷᠡᠵᠦ᠂  ᠶᠠᠷᠢᠯᠴᠠᠨ ᠰᠣᠯᠢᠯᠴᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠮᠡᠷᠭᠡᠵᠢᠯ ᠤᠨ ᠰᠢᠯᠭᠠᠨ ᠪᠠᠶᠢᠴᠠᠭᠠᠯᠲᠠ ᠬᠢᠬᠦ ᠵᠡᠷᠭᠡ ᠠᠷᠭ᠎ᠠ ᠬᠡᠯᠪᠡᠷᠢ ᠪᠠᠷ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ᠂ ᠴᠢᠬᠤᠯᠠ ᠮᠡᠳᠡᠭᠡ ᠵᠠᠩᠭᠢ ᠶᠢᠨ ᠰᠢᠰᠲ᠋ᠧᠮ ᠪᠣᠯᠣᠨ ᠰᠦᠯᠵᠢᠶᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠳᠤ ᠨᠠᠷᠢᠨ ᠨᠢᠮᠪᠠᠢ ᠪᠠᠶᠢᠴᠠᠭᠠᠯᠲᠠ ᠬᠢᠭᠰᠡᠨ ᠪᠥᠭᠡᠳ ᠢᠯᠡᠷᠡᠭᠦᠯᠦᠭᠰᠡᠨ ᠠᠰᠠᠭᠤᠳᠠᠯ ᠪᠠ ᠪᠠᠭᠤᠷᠠᠢ ᠭᠤᠭᠴᠤᠭ᠎ᠠ ᠳᠤ ᠴᠢᠭᠯᠡᠭᠦᠯᠦᠨ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号