ᠬᠤᠰᠢᠭᠤ ᠨᠠᠮ ᠤᠨ ᠬᠤᠷᠢᠶᠠᠨ ᠤ ᠱᠦᠵᠢ ᠵᠤᠤ ᠹᠧᠢ ᠫᠧᠩ ᠰᠤᠷᠪᠤᠯᠵᠢᠯᠠᠭ᠎ᠠ ᠬᠦᠯᠢᠶᠡᠭᠰᠡᠨ
ᠨᠡᠶᠢᠲᠡᠯᠡᠭᠰᠡᠨ ᠴᠠᠭ᠄
2023/3/23
    ᠣᠶᠢᠷ᠎ᠠ ᠳᠤ᠂ ᠰᠤᠷᠪᠤᠯᠵᠢᠯᠠᠭᠴᠢ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ  ᠪᠥᠬᠦ ᠲᠠᠯ᠎ᠠ ᠪᠠᠷ ᠰᠠᠶᠢᠲᠤᠷ  ᠪᠠᠶᠢᠭᠤᠯᠬᠤ ᠵᠡᠷᠭᠡ ᠠᠰᠠᠭᠤᠳᠠᠯ ᠤᠨ ᠲᠤᠭᠤᠷᠢᠨ ᠳᠤ  ᠂  ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠢ ᠲᠤᠰᠬᠠᠶᠢᠯᠠᠨ ᠰᠤᠷᠪᠤᠯᠵᠢᠯᠠᠪᠠ᠃ ᠵᠣᠣ ᠹᠧᠢ ᠫᠧᠩ ᠢᠯᠡᠷᠬᠡᠶᠢᠯᠡᠬᠦ ᠳᠡᠭᠡᠨ᠂ 2022 ᠣᠨ ᠠᠴᠠ ᠨᠠᠰᠢ᠂  ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠢᠵᠢᠭ ᠢ ᠰᠡᠷᠭᠡᠶᠢᠯᠡᠵᠦ ᠲᠡᠶᠢᠯᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠶᠡᠷᠦᠩᠬᠡᠢ ᠰᠡᠳᠬᠢᠴᠡ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠳᠠᠭᠠᠭᠤᠯᠤᠨ ᠵᠣᠷᠢᠭᠲᠠᠢ ᠪᠠᠷ ᠡᠷᠡᠯᠬᠡᠭᠯᠡᠨ ᠤᠷᠤᠭᠰᠢᠯᠠᠭᠠᠳ᠂ ᠪᠥᠬᠦ ᠬᠤᠰᠢᠭᠤᠨ ᠤ ᠡᠯ᠎ᠡ  ᠲᠦᠷᠦᠯ ᠤᠨ ᠠᠵᠢᠯ ᠦᠢᠯᠡᠰ ᠤᠨ ᠰᠢᠨ᠎ᠡ ᠠᠬᠢᠴᠠ ᠰᠢᠨ᠎ᠡ ᠠᠮᠵᠢᠯᠳᠠ ᠶᠢ ᠪᠡᠶᠡᠯᠡᠬᠦᠯᠦᠭᠰᠡᠨ ᠪᠠᠶᠢᠨ᠎ᠠ᠃ ᠠᠮᠢ ᠠᠬᠤᠢ ᠶᠢᠨ ᠪᠠᠶᠢᠭᠤᠯᠤᠯᠳᠠ ᠶᠢᠨ ᠲᠠᠯ᠎ᠠ ᠪᠠᠷ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠭᠤᠤᠯ ᠡᠪᠡᠰᠦ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠳᠠᠯᠠᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠬᠢᠷᠳᠤᠯ ᠦᠭᠡᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠪᠣᠬᠢᠷᠳᠤᠯ ᠢ ᠰᠡᠷᠭᠡᠶᠢᠯᠡᠨ ᠵᠠᠰᠠᠬᠤ  ᠪᠤᠭᠤᠮᠳᠠ ᠰᠢᠪᠳᠤᠯᠬᠤ ᠳᠠᠶᠢᠯᠠᠯᠳᠤᠭᠠᠨ ᠢ ᠪᠥᠬᠦ ᠲᠠᠯ᠎ᠠ ᠪᠠᠷ ᠰᠠᠶᠢᠲᠤᠷ ᠬᠢᠵᠦ᠂ ᠡᠬᠢ ᠪᠠᠶᠠᠯᠢᠭ ᠢ ᠠᠷᠪᠢᠯᠠᠬᠤ ᠪᠠ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠡᠯ᠎ᠡ ᠲᠦᠷᠦᠯ ᠤᠨ ᠭᠤᠣᠯᠳᠠᠯᠭ᠎ᠠ ᠲᠠᠢ ᠡᠭᠦᠷᠭᠡ ᠶᠢ ᠢᠳᠡᠪᠬᠢᠲᠡᠢ  ᠠᠬᠢᠭᠤᠯᠵᠤ ᠢᠷᠡᠭᠰᠡᠨ ᠪᠠᠶᠢᠨ᠎ᠠ᠃   ᠰᠠᠯᠬᠢ ᠡᠯᠡᠰᠦᠨ ᠤ  ᠵᠠᠰᠠᠯᠳᠠ ᠶᠢᠨ ᠠᠵᠢᠯ ᠢ ᠰᠠᠶᠢᠲᠤᠷ ᠠᠳᠬᠤᠵᠤ᠂  ᠨᠠᠭᠤᠷ ᠭᠤᠣᠯ ᠤᠨ ᠳᠠᠷᠤᠭ᠎ᠠ᠂ ᠤᠢ ᠪᠡᠯᠴᠢᠭᠡᠷ ᠤᠨ ᠲᠠᠷᠤᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠪᠣᠬᠢᠷᠳᠤᠯ ᠤᠨ ᠡᠬᠢ ᠶᠢ ᠬᠢᠨᠠᠨ ᠡᠵᠡᠮᠳᠡᠬᠦ ᠶᠢ ᠶᠡᠬᠡᠪᠡᠷ ᠠᠬᠢᠭᠤᠯᠤᠨ᠂  ᠳᠡᠭᠡᠳᠦ ᠱᠠᠲᠤᠨ ᠤ  ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠪᠡᠶᠡᠯᠡᠬᠦᠯᠦᠭᠡᠳ᠂ ᠠᠭᠠᠷ ᠤᠨ  ᠴᠢᠨᠰᠠᠭ᠎ᠠ ᠰᠠᠶᠢᠨ ᠡᠳᠦᠷ ᠤᠨ ᠬᠠᠷᠢᠴᠠᠯ 98 % ᠳᠤ ᠬᠦᠷᠴᠦ᠂ ︽ᠪᠦᠬᠦ ᠤᠯᠤᠰ ᠤᠨ ᠵᠠᠭᠤᠨ ᠰᠢᠯᠢᠳᠡᠭ ᠴᠡᠪᠡᠷ ᠠᠮᠢᠰᠬᠤᠯᠳᠤ  ᠵᠢᠵᠢᠭ ᠬᠤᠳᠠ︾   ᠶᠢᠨ ᠴᠣᠯᠠ ᠶᠢ ᠨᠡᠩ  ᠠᠯᠳᠠᠷᠰᠢᠭᠤᠯᠪᠠ᠃   ᠡᠬᠡ ᠤᠯᠤᠰ ᠤᠨ ᠤᠮᠠᠷᠠᠲᠤ ᠶᠢᠨ ᠠᠮᠤᠷ  ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ᠂ ︽ᠳᠠᠷᠤᠭᠳᠠᠮᠠᠯ ᠬᠡᠷᠡᠭ ᠢ ᠠᠷᠢᠯᠭᠠᠬᠤ᠂ ᠬᠦᠨᠳᠦ ᠰᠣᠷᠪᠤᠯᠵᠢᠯᠠᠭ᠎ᠠ ᠶᠢ ᠵᠠᠰᠠᠬᠤ᠂  ᠠᠮᠤᠷ ᠲᠣᠭᠲᠠᠭᠤᠨ ᠢ ᠠᠬᠢᠭᠤᠯᠬᠤ︾ ᠪᠣᠭᠤᠮᠲᠠ ᠰᠢᠪᠲᠤᠯᠬᠤ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠮᠤᠷ ᠲᠣᠭᠲᠠᠭᠤᠨ ᠪᠠ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠠᠯᠢ ᠣᠯᠠᠨ ᠠᠵᠢᠯᠯᠠᠭ᠎ᠠ ᠶᠢ ᠭᠦᠨᠵᠡᠭᠡᠢ ᠦᠷᠨᠢᠬᠦᠯᠦᠭᠰᠡᠨ ᠪᠠᠶᠢᠨ᠎ᠠ᠃  ᠪᠡᠭᠡᠵᠢᠩ  ᠤᠷᠤᠬᠤ ᠠᠮᠤᠷ ᠢ ᠬᠠᠮᠠᠭᠠᠯᠠᠬᠤ ᠪᠠᠶᠢᠴᠠᠭᠠᠯᠲᠠ ᠶᠢᠨ ᠥᠷᠲᠡᠭᠡ 3᠂   ᠵᠠᠮ ᠬᠠᠷᠢᠯᠴᠠᠭᠠᠨ ᠤ ᠪᠣᠭᠤᠮᠲᠠ 8 ᠶᠢ ᠪᠠᠶᠢᠭᠤᠯᠵᠤ᠂ ᠡᠳᠦᠷ ᠰᠥᠨᠢ ᠦᠭᠡᠢ ᠵᠢᠵᠢᠬᠦᠷᠯᠡᠨ᠂ ᠪᠡᠭᠡᠵᠢᠩ ᠤᠨ ᠡᠪᠦᠯ   ᠤᠨ ᠤᠯᠠᠷᠢᠯ ᠤᠨ ᠤᠯᠢᠮᠫᠢᠺ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ   ᠤᠨ  ᠤᠯᠢᠮᠫᠢᠺ   ᠤᠨ ᠴᠤᠭᠯᠠᠭᠠᠨ᠂ ᠪᠥᠬᠦ ᠤᠯᠤᠰ ᠤᠨ ᠬᠤᠶᠠᠷ ᠬᠤᠷᠠᠯ᠂ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠴᠢᠬᠤᠯᠠ ᠴᠠᠭ ᠬᠤᠭᠤᠴᠠᠭᠠᠨ ᠤ ᠠᠮᠤᠷ ᠲᠣᠭᠲᠠᠭᠤᠨ ᠢ ᠬᠠᠮᠠᠭᠠᠯᠠᠵᠤ᠂  ᠠᠮᠤᠷ ᠢ ᠬᠠᠮᠠᠭᠠᠯᠠᠬᠤ ᠠᠵᠢᠯ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠬᠦᠯᠦᠭᠡᠳ᠂ ᠰᠢᠯᠢ ᠶᠢᠨ ᠭᠤᠣᠯ ᠠᠶᠢᠮᠠᠭ ᠤᠨ ︽ᠡᠮᠦᠨ᠎ᠡ ᠡᠭᠦᠳᠡ︾ ᠶᠢ ᠪᠠᠲᠤ ᠰᠠᠬᠢᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠨ ᠬᠢᠵᠦ᠂ 4000 ᠭᠠᠷᠤᠢ ᠨᠠᠮ ᠤᠨ ᠭᠡᠰᠢᠭᠦᠨ ᠪᠠ ᠺᠠᠳ᠋ᠷ ᠠᠵᠢᠯᠳᠠᠨ ᠭᠤᠣᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠡ ᠵᠢᠴᠢ ᠬᠥᠬᠡᠬᠤᠲᠠ᠂  ᠰᠢᠯᠢ ᠶᠢᠨ ᠬᠤᠳᠠ᠂ ᠡᠷᠢᠶᠡᠨ ᠬᠤᠳᠠ ᠶᠢᠨ ᠬᠢᠵᠢᠭ ᠲᠤ ᠬᠤᠯᠪᠣᠭᠳᠠᠭᠰᠠᠨ ᠬᠥᠮᠥᠰ ᠢ ᠰᠢᠯᠵᠢᠭᠦᠯᠦᠨ ᠵᠥᠭᠡᠭᠡᠪᠦᠷᠢᠯᠡᠬᠦ ᠵᠡᠷᠭᠡ ᠠᠵᠢᠯ ᠡᠭᠦᠷᠭᠡ ᠳᠤ ᠤᠷᠤᠯᠴᠠᠵᠠᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠯᠳᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠠᠮᠵᠢᠯᠲᠠ ᠲᠠᠢ ᠪᠡᠶᠡᠯᠡᠬᠦᠯᠪᠡ᠃  ᠵᠥᠷᠢᠴᠡᠯ ᠵᠢᠭᠤᠷᠠᠭᠠᠨ ᠢ ᠬᠠᠮᠲᠤᠷᠠᠨ  ᠡᠶᠡᠳᠡᠬᠦᠯᠬᠦ ᠪᠥᠬᠦ ᠠᠶᠢᠮᠠᠭ ᠤᠨ ᠠᠩᠬᠠᠳᠠᠭᠴᠢ ᠲᠥᠪ ᠢ ᠪᠠᠶᠢᠭᠤᠯᠵᠤ᠂ ᠬᠡᠷᠡᠭ  ᠵᠠᠷᠭᠤ ᠰᠢᠢᠳᠪᠦᠷᠢᠯᠡᠬᠦ ᠶᠢ ᠶᠡᠭᠡ ᠪᠠᠷ  ᠠᠬᠢᠭᠤᠯᠤᠨ᠂ ᠪᠡᠭᠡᠵᠢᠩ ᠳᠤ ᠬᠦᠷᠴᠦ ᠵᠠᠭᠠᠯᠳᠤᠵᠤ ᠰᠤᠷᠪᠤᠯᠵᠢᠯᠠᠬᠤ ᠠᠵᠢᠯᠯᠠᠭ᠎ᠠ ᠨᠢᠬᠡ ᠴᠤ ᠭᠠᠷᠬᠤ ᠦᠬᠡᠢ ᠶᠢ ᠪᠠᠳᠤᠯᠠᠵᠤ᠂ 2022 ᠣᠨ ᠳᠤ ᠪᠥᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤᠨ ᠤ ᠢᠷᠠᠭᠤ ᠠᠯᠳᠠᠷ ᠢ ᠬᠦᠷᠳᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ   ᠪᠠᠷ ᠭᠤᠣᠯ ᠰᠢᠵᠢᠮ ᠪᠤᠯᠭᠠᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠵᠢᠷᠭᠤᠭ᠎ᠠ ᠶᠢ ᠠᠬᠢᠭᠤᠯᠬᠤ︾᠂ ︽ᠠᠷᠪᠢᠯᠠᠨ ᠭᠠᠮᠨᠠᠬᠤ ᠶᠢ ᠡᠷᠬᠢᠮᠯᠡᠵᠦ ᠱᠠᠯᠢᠨ ᠪᠦᠷᠢᠯᠭᠡᠬᠦ ᠶᠢ ᠴᠡᠭᠡᠷᠯᠡᠬᠦ︾᠂ ︽ᠬᠤᠣᠰ ᠰᠠᠷ᠎ᠠ ᠶᠢᠨ ᠰᠤᠷᠤᠯᠴᠠᠯᠭ᠎ᠠ︾ ᠵᠡᠷᠭᠡ ᠠᠵᠢᠯᠯᠠᠭ᠎ᠠ ᠶᠢ ᠢᠳᠡᠪᠬᠢᠲᠡᠢ ᠦᠷᠨᠢᠬᠦᠯᠦᠨ᠂  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠳᠤᠳᠬᠠᠬᠤ ᠤᠬᠠᠮᠰᠠᠷ ᠢ ᠬᠦᠮᠦᠨ ᠪᠦᠬᠦᠨ ᠤ ᠰᠡᠳᠬᠢᠯ ᠳᠤ  ᠬᠠᠳᠠᠩᠰᠢᠭᠤᠯᠬᠤ ᠶᠢ ᠠᠬᠢᠭᠤᠯᠵᠠᠢ᠃ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠠᠶᠢᠭᠤᠯᠬᠤ ᠲᠠᠯ᠎ᠠ  ᠪᠠᠷ᠂  ᠦᠷᠬᠦᠯᠵᠢᠯᠡᠭᠰᠡᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠰᠢᠨ᠎ᠡ ᠪᠠᠷ ᠮᠠᠨᠳᠤᠭᠰᠠᠨ ᠪᠠᠶᠢᠯᠳᠤᠬᠤ ᠪᠣᠳᠣᠯᠭ᠎ᠠ ᠶᠢᠨ ᠠᠵᠤ ᠦᠢᠯᠡᠰ ᠢ ᠬᠦᠭᠵᠢᠬᠦᠯᠬᠦ ᠲᠡᠭᠡᠷ᠎ᠡ ᠠᠩᠬᠠᠷᠤᠯ  ᠲᠦᠪᠯᠡᠷᠡᠬᠦᠯᠦᠨ᠂ 2022 ᠣᠨ ᠳᠤ 2.66 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠡᠳᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠨ  ᠤ  ᠰᠢᠨᠵᠢᠯᠡᠭᠡ ᠮᠡᠷᠭᠡᠵᠢᠯ ᠤᠨ ᠬᠦᠷᠢᠶᠡᠯᠡᠩ  ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠠᠵᠤ ᠦᠢᠯᠡᠳᠪᠦᠷᠢ ᠶᠢᠨ ᠬᠦᠷᠢᠶᠡᠯᠡᠩ  ᠤᠨ ᠭᠤᠣᠯ ᠵᠠᠮ ᠤᠨ ︽ ᠭᠤᠷᠪᠠᠵᠢᠭᠤᠯᠤᠯᠳᠠ︾ ᠵᠡᠷᠭᠡ ᠢᠨᠵᠧᠨᠧᠷᠢᠩ ᠢ ᠬᠡᠷᠡᠭᠵᠢᠭᠦᠯᠵᠦ᠂  ᠰᠢᠬᠠᠭᠤᠷ ᠮᠠᠰᠢᠨ ᠤ ᠲᠥᠬᠦᠭᠡᠷᠦᠮᠵᠢ  ᠦᠢᠯᠡᠳᠬᠦ ᠂ ᠺᠠᠩ ᠳ᠋ᠠ ᠰᠢᠯ ᠰᠢᠷᠬᠡᠭ᠂ ᠰᠧᠨ ᠴᠢᠶᠠ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ᠂ 40 ᠰᠠᠶ᠎ᠠ ᠸᠠᠲ ᠤᠨ ᠲᠠᠷᠠᠬᠠᠢ ᠬᠡᠯᠪᠡᠷᠢ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ᠂ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ ᠲᠦᠷᠦᠯ ᠵᠦᠢᠯ  ᠤᠨ ᠪᠦᠳᠦᠬᠡᠨ ᠪᠠᠶᠢᠭᠤᠯᠤᠯᠳᠠ ᠶᠢ  ᠡᠬᠢᠯᠡᠬᠦᠯᠵᠦ᠂  ᠲᠠᠩ ᠾᠧ ᠬᠢᠮᠡᠯ ᠠᠯᠮᠠᠰ᠂ ᠪᠠᠢ ᠬᠤᠢ ᠱᠧᠩ ᠰᠢᠬᠢᠷ ᠤᠨ ᠦᠢᠯᠡᠳᠪᠦᠷᠢ᠂ ᠱᠧᠩ ᠲᠠᠢ ᠡᠯ ᠡᠮ ᠤᠨ ᠦᠢᠯᠡᠳᠪᠦᠷᠢ᠂  ᠰᠢᠶᠦ᠋ᠩ ᠠᠨ ᠴᠠᠭᠠᠰᠤ ᠰᠦᠯᠢᠶᠥᠦ ᠶᠢᠨ ᠦᠢᠯᠡᠳᠪᠦᠷᠢ᠂ 85 ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠵᠡᠷᠭᠡ ᠭᠤᠣᠯᠳᠠᠯᠭ᠎ᠠ ᠲᠠᠢ ᠲᠦᠷᠦᠯ ᠵᠦᠢᠯ  ᠢ ᠲᠣᠭᠲᠠᠭᠤᠨ ᠢᠶᠠᠷ ᠠᠵᠢᠯᠯᠠᠭᠤᠯᠤᠨ᠂ ᠠᠵᠤ ᠦᠢᠯᠡᠳᠪᠦᠷᠢ ᠶᠢᠨ ᠭᠠᠶᠢᠯᠢ ᠶᠢᠨ ᠤᠷᠤᠯᠭ᠎ᠠ ᠶᠢᠨ ᠡᠵᠡᠯᠡᠬᠦ ᠬᠠᠷᠢᠴᠠᠯ 45 % ᠳᠤ ᠬᠦᠷᠴᠡᠢ᠃ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ  ᠪᠠᠶᠢᠭᠤᠯᠬᠤ ᠲᠠᠯ᠎ᠠ ᠪᠠᠷ᠂ ︽ ᠲᠠᠭᠠᠭᠤᠯᠤᠭᠴᠢ ᠠᠵᠤ ᠠᠬᠤᠶᠢᠯᠠᠯ +  ᠬᠤᠷᠰᠢᠶᠠᠵᠢᠯ + ᠰᠠᠭᠤᠷᠢᠨ ᠭᠠᠵᠠᠷ + ᠲᠠᠷᠢᠶᠠᠴᠢᠨ ᠡᠷᠦᠬᠡ︾  ᠠᠵᠤ ᠦᠢᠯᠡᠰ ᠤᠨ ᠵᠠᠭᠪᠤᠷ ᠢ ᠢᠳᠡᠪᠬᠢᠲᠡᠢ ᠬᠡᠷᠡᠭᠵᠢᠭᠦᠯᠵᠦ᠂ ᠲᠥᠮᠥᠰᠥ ᠂ ᠶᠠᠮᠠ ᠶᠢᠨ ᠦᠷ᠎ᠡ᠂ ᠶᠤᠤᠮᠠᠢ᠂ ᠪᠤᠭᠤᠳᠠᠢ᠂ ᠬᠢᠲᠠᠳ ᠡᠮ ᠤᠨ ᠮᠠᠲ᠋ᠧᠷᠢᠶᠠᠯ᠂ ᠣᠷᠭᠠᠨᠢᠭ ᠢᠳᠡᠰᠢᠨ ᠨᠣᠭᠤᠭ᠎ᠠ᠂ ᠰᠢᠬᠢᠷ ᠯᠤᠤᠪᠠᠩ᠂ ᠥᠨᠳᠥᠷ ᠤᠨᠠᠯᠳᠠᠳᠤ ᠲᠡᠵᠢᠭᠡᠯ ᠪᠣᠷᠳᠤᠭ᠎ᠠ᠂ ᠴᠢᠨᠠᠷ ᠰᠠᠶᠢᠲᠠᠢ ᠨᠡᠷᠡᠨ ᠬᠤᠸᠠᠷ᠂ ᠨᠣᠶᠢᠯ ᠪᠤᠭᠤᠳᠠᠢ ᠳᠠᠷᠢᠬᠤ ᠪᠠᠷ ᠭᠤᠣᠯ ᠪᠣᠯᠭᠠᠭᠰᠠᠨ 10 ᠠᠵᠤ ᠦᠢᠯᠡᠰ ᠤᠨ ᠬᠡᠯᠬᠢᠶᠡᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠥᠬᠦ ᠵᠢᠯ ᠤᠨ ᠠᠮᠤ ᠪᠤᠳᠠᠭᠠᠨ ᠤ ᠶᠡᠷᠦᠩᠬᠡᠢ ᠤᠨᠠᠯᠲᠠ  38.6 ᠲᠦᠮᠡᠨ ᠲᠣᠨ ᠳᠤ ᠬᠦᠷᠦᠭᠰᠡᠨ ᠪᠠᠶᠢᠨ᠎ᠠ᠃ ︽ᠬᠤᠨᠢ ᠶᠢ ᠴᠥᠭᠡᠳᠬᠡᠨ ᠦᠬᠡᠷ ᠢ ᠦᠰᠭᠡᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ 3000 ᠲᠤᠯᠤᠭᠠᠢ   ᠠᠴᠠ ᠲᠡᠭᠡᠭᠰᠢ ᠮᠢᠬᠠᠨ ᠤ ᠦᠬᠡᠷ ᠤᠨ ᠭᠡᠪᠴᠢᠶᠡᠵᠢᠭᠰᠡᠨ ᠮᠠᠯᠵᠢᠯ ᠤᠨ ᠲᠠᠯᠠᠪᠠᠢ ᠶᠢ ᠲᠣᠭᠲᠠᠭᠤᠨ ᠢᠶᠠᠷ ᠠᠵᠢᠯᠯᠠᠭᠤᠯᠵᠤ᠂  ᠰᠠᠶᠢᠨ ᠡᠬᠦᠯᠳᠡᠷ ᠤᠨ ᠮᠢᠬᠠᠨ ᠤ ᠦᠬᠡᠷ ᠤᠨ ᠲᠤᠭ᠎ᠠ ᠲᠤᠯᠤᠭᠠᠢ 13.9 ᠲᠦᠮᠡ ᠳᠤ ᠬᠦᠷᠪᠡ᠃ ᠲᠠᠷᠢᠶᠠᠯᠠᠩ ᠮᠠᠯ ᠠᠵᠤ ᠠᠬᠤᠢ ᠶᠢᠨ ᠠᠵᠤ  ᠦᠢᠯᠡᠰᠵᠢᠭᠰᠡᠨ᠂ ᠡᠷᠴᠢᠮᠵᠢᠭᠰᠡᠨ᠂ ᠪᠣᠬᠢᠷᠳᠤᠯ ᠦᠬᠡᠶᠢᠵᠢᠭᠰᠡᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠠᠭᠠᠭᠤᠯᠤᠭᠴᠢ ᠠᠵᠤ ᠠᠬᠤᠶᠢᠯᠠᠯ 10  ᠂  ᠬᠤᠷᠰᠢᠶᠠᠵᠢᠯ 377᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 1272  ᠶᠢ  ᠲᠦᠷᠢᠮᠵᠢᠬᠦᠯᠦᠨ ᠠᠵᠢᠯᠯᠠᠭᠤᠯᠵᠤ᠂ ᠮᠠᠯᠴᠢᠨ ᠲᠠᠷᠢᠶᠠᠴᠢᠨ ᠤ ᠠᠵᠤ ᠦᠢᠯᠡᠰ ᠤᠨ ᠬᠡᠯᠬᠢᠶ᠎ᠡ ᠪᠠ ᠥᠷᠲᠡᠭ ᠤᠨ ᠬᠡᠯᠬᠢᠶ᠎ᠡ ᠠᠴᠠ ᠠᠰᠢᠭ ᠣᠷᠣᠯᠭ᠎ᠠ ᠤᠯᠬᠤ ᠶᠢ  ᠲᠠᠶᠢᠴᠢᠯᠠᠭᠠᠳ᠂ ᠪᠥᠬᠦ ᠬᠤᠰᠢᠭᠤᠨ ᠤ 176  ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠳᠤᠮᠳᠠᠴᠢ ᠣᠷᠣᠯᠭ᠎ᠠ ᠪᠦᠬᠦᠨ ᠢᠶᠠᠷ ᠢᠶᠠᠨ 10 ᠲᠦᠮᠡᠨ ᠲᠥᠭᠦᠷᠢᠭ ᠢ ᠲᠠᠪᠠᠵᠤ᠂  ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠦᠷᠭᠦᠯᠵᠢᠯᠡᠨ  ᠴᠢᠩᠭᠠᠷᠠᠵᠠᠢ᠃ ᠮᠠᠨ ᠤ ᠤᠯᠤᠰ ᠤᠨ ᠤᠮᠠᠷᠠᠰᠢ ᠨᠡᠭᠡᠭᠡᠯᠲᠡ ᠶᠢᠨ ᠴᠢᠬᠤᠯᠠ ᠪᠠᠬᠢᠯᠡᠯᠲᠡ  ᠶᠢ  ᠪᠠᠶᠢᠭᠤᠯᠬᠤ ᠲᠠᠯ᠎ᠠ  ᠪᠠᠷ᠂ ᠪᠡᠭᠡᠵᠢᠩ ᠲᠢᠶᠠᠨᠵᠢᠨ ᠾᠧᠪᠧᠢ   ᠶᠢᠨ ᠠᠵᠤ ᠦᠢᠯᠡᠰ ᠤᠨ ᠰᠢᠯᠵᠢᠯᠲᠡ   ᠶᠢᠨ ᠠᠵᠠ ᠲᠣᠬᠢᠶᠠᠯ   ᠢ ᠴᠢᠩᠭ᠎ᠠ ᠡᠵᠡᠮᠳᠡᠨ᠂ ᠨᠡᠭᠡᠭᠡᠯᠲᠡ ᠶᠢ ᠥᠷᠭᠡᠳᠬᠡᠬᠦ ᠪᠠ ᠬᠤᠳᠠᠯᠳᠤᠭ᠎ᠠ  ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ  ᠬᠥᠭᠵᠢᠭᠦᠯᠬᠦ ᠶᠢ ᠪᠠᠷᠢᠮᠲᠠᠯᠠᠵᠤ᠂  ᠠᠷᠠᠯᠵᠢᠶᠠᠴᠢᠨ ᠤᠷᠢᠵᠤ ᠪᠡᠯᠡ ᠣᠷᠣᠭᠤᠯᠬᠤ  ᠠᠵᠢᠯ ᠢ ᠢᠳᠡᠪᠬᠢᠲᠡᠢ ᠦᠷᠨᠢᠬᠦᠯᠦᠨ᠂ ᠴᠢᠩᠳᠣᠣ ᠶᠢᠨ ᠶᠤᠸᠠᠢ ᠱᠢ᠂ ᠾᠧᠨᠠᠨ ᠤ ᠲᠢᠶᠠᠨ ᠴᠧᠨ ᠵᠡᠷᠭᠡ ᠬᠡᠳᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠲᠦᠷᠦᠯ ᠵᠦᠢᠯ ᠵᠢᠴᠢ ᠺᠠᠢ ᠳ᠋ᠠ  ᠲᠦᠮᠦᠰᠦᠨ ᠤ ᠠᠵᠤ ᠦᠢᠯᠡᠰ ᠤᠨ ᠨᠠᠷᠢᠯᠢᠭ ᠪᠣᠯᠪᠠᠰᠤᠷᠠᠭᠤᠯᠬᠤ ᠲᠦᠷᠦᠯ ᠵᠦᠢᠯ ᠢ ᠤᠷᠢᠳ ᠬᠤᠵᠢᠳ ᠤᠷᠢᠨ ᠨᠤᠳᠤᠭᠰᠢᠭᠤᠯᠵᠤ᠂ ᠬᠡᠳᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ ᠃  2022 ᠣᠨ ᠳᠤ ᠨᠡᠶᠢᠲᠡ 110 ᠭᠠᠷᠤᠢ ᠲᠥᠷᠥᠯ ᠵᠦᠢᠯ ᠢ ᠵᠣᠯᠭᠠᠭᠤᠯᠵᠤ᠂ 7.9 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ  ᠨᠠᠶᠢᠳᠠᠪᠤᠷᠢᠵᠢᠭᠤᠯᠤᠨ᠂ 2021᠂ 2022 ᠣᠨ ᠤ  ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠤᠨ ᠰᠢᠯᠭᠠᠨ ᠦᠨᠡᠯᠡᠯᠲᠡ ᠳᠤ ᠪᠥᠬᠦ ᠠᠶᠢᠮᠠᠭ ᠤᠨ ᠨᠡᠷᠡᠰ ᠤᠨ ᠵᠢᠭᠰᠠᠭᠠᠯᠲᠠ ᠳᠤ ᠪᠦᠷ ᠡᠮᠦᠨ᠎ᠡ ᠭᠤᠷᠪᠠ ᠳᠤ ᠵᠢᠭᠰᠠᠭᠠᠭᠳᠠᠵᠠᠢ᠃ ᠳᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤ ᠨᠢ ᠨᠠᠮ ᠤᠨ ᠤᠯᠤᠰ ᠲᠥᠷᠥ ᠶᠢᠨ ᠪᠠᠶᠢᠭᠤᠯᠤᠯᠲᠠ  ᠪᠠᠷ ᠶᠡᠷᠦᠩᠬᠡᠶᠢᠯᠡᠨ ᠵᠢᠯᠣᠭᠤᠳᠤᠭᠤᠯᠬᠤ  ᠶᠢ ᠪᠠᠷᠢᠮᠲᠠᠯᠠᠵᠤ᠂ ︽ᠬᠤᠶᠠᠷ ᠲᠤᠭᠳᠠᠭᠠᠯᠳᠠ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠠᠷ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ᠂ ᠦᠨᠳᠦᠰᠦᠨ ᠤᠯᠤᠰ ᠲᠥᠷᠥ ᠶᠢᠨ ᠶᠣᠰᠣ ᠳᠦᠷᠢᠮ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠡᠵᠡᠮᠳᠡᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ  ᠪᠠᠶᠢᠭᠤᠯᠬᠤ ᠳᠤ ᠨᠠᠩ ᠶᠡᠭᠡ ᠬᠦᠴᠦᠨ ᠴᠢᠳᠠᠯ ᠢᠶᠠᠨ  ᠡᠷᠬᠦᠨ᠎ᠡ ᠬᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号