ᠡᠨᠡ ᠭᠠᠷᠠᠭ ᠪᠣᠯ ᠭᠤᠴᠢᠨ ᠵᠢᠷᠭᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ | ᠪᠣᠯᠣᠨ᠎ᠠ ᠃ ᠲᠠᠶᠢᠹᠤᠰᠧ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠨᠢ ︽ᠳᠤᠮᠳᠠᠳᠤ ᠤᠯᠤᠰ ᠤᠨ | ᠤᠰᠤᠨ ᠤ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ 3 ᠰᠠᠷ᠎ᠠ ᠶᠢᠨ 23 ᠤ | ᠡᠳᠦᠷ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠳᠤ ᠬᠦᠨᠵᠡᠬᠡᠶᠢᠷᠡᠵᠦ ᠤᠰᠤ ᠠᠷᠪᠢᠯᠠᠬᠤ ᠤᠬᠠᠭᠤᠯᠭ᠎ᠠ | ᠬᠢᠵᠡᠢ᠃ ᠤᠬᠠᠭᠤᠯᠭ᠎ᠠ ᠨᠢ ︽ᠤᠰᠤ ᠠᠷᠪᠢᠯᠠᠬᠤ︾ ᠭᠤᠣᠯ ᠰᠡᠳᠦᠪᠲᠦ ᠠᠩᠭᠢ ᠶᠢᠨ ᠬᠤᠷᠠᠯ ᠤᠨ ᠬᠡᠯᠪᠡᠷᠢ ᠪᠠᠷ᠂ | ᠤᠰᠤ ᠠᠷᠪᠢᠯᠠᠬᠤ ᠣᠨᠣᠯᠵᠢᠬᠤᠨ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠤᠭᠰᠠᠨ ᠤ ᠬᠠᠮᠲᠤ᠂ ᠠᠰᠠᠷ ᠤᠨ | ᠭᠤᠳᠤᠮᠵᠢᠨ ᠳᠤ ᠤᠰᠤ ᠠᠷᠪᠢᠯᠠᠬᠤ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠨ᠂ ᠨᠣᠮ ᠤᠨ ᠲᠠᠯᠪᠢᠭᠤᠷ ᠲᠤ ᠤᠰᠤ | ᠠᠷᠪᠢᠯᠠᠬᠤ ᠲᠤᠬᠠᠢ ᠨᠣᠮ ᠪᠢᠴᠢᠭ ᠨᠡᠮᠡᠵᠦ᠂ ᠪᠠᠭᠰᠢ ᠰᠤᠷᠤᠭᠴᠢᠳ ᠲᠤ ᠤᠰᠤ ᠠᠷᠪᠢᠯᠠᠬᠤ ᠭᠠᠷ ᠠᠪᠤᠯᠭ᠎ᠠ ᠶᠢ | ᠲᠠᠷᠬᠠᠭᠠᠨ᠂ ᠦᠷᠭᠡᠨ ᠤᠯᠠᠨ ᠰᠤᠷᠤᠭᠴᠢᠳ ᠤᠨ ᠪᠠᠭ᠎ᠠ ᠠᠴᠠ ᠪᠠᠨ ᠤᠰᠤ ᠠᠷᠪᠢᠯᠠᠬᠤ ᠤᠬᠠᠮᠰᠠᠷ᠂ ᠤᠰᠤ | ᠠᠷᠪᠢᠯᠠᠬᠤ ᠳᠠᠳᠬᠠᠯ ᠲᠠᠢ ᠪᠣᠯᠵᠤ᠂ ᠡᠯ᠎ᠡ ᠲᠦᠷᠦᠯ ᠤᠨ ᠤᠰᠤ ᠠᠷᠪᠢᠯᠠᠬᠤ ᠪᠠ ᠤᠰᠤ ᠬᠠᠮᠠᠭᠠᠯᠠᠬᠤ | ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠤᠷᠢᠶᠠᠯᠠᠪᠠ᠃ ᠰᠤᠷᠭᠠᠭᠤᠯᠢ ᠶᠢᠨ ᠬᠦᠷᠢᠶᠡᠨ ᠤ ᠤᠬᠠᠭᠤᠯᠭ᠎ᠠ ᠪᠠᠷ | ᠲᠠᠮᠵᠢᠭᠠᠳ ᠰᠤᠷᠤᠭᠴᠢᠳ ᠤᠨ ᠤᠰᠤᠨ ᠤ ᠡᠬᠢ ᠪᠠᠶᠠᠯᠢᠭ ᠢ ᠠᠷᠪᠢᠯᠠᠬᠤ᠂ ᠤᠰᠤᠨ ᠤ ᠠᠮᠢ ᠠᠬᠤᠢ ᠶᠢ | ᠬᠠᠮᠠᠭᠠᠯᠠᠬᠤ ᠢᠳᠡᠪᠬᠢᠵᠢᠯ ᠪᠣᠯᠣᠨ ᠬᠠᠷᠢᠭᠤᠴᠠᠯᠭᠠᠲᠤ ᠰᠡᠳᠬᠢᠯᠭᠡ ᠶᠢ ᠲᠠᠶᠢᠴᠢᠯᠠᠵᠤ᠂ ᠦᠵᠡᠰᠬᠦᠯᠡᠩᠳᠦ ᠰᠠᠶᠢᠬᠠᠨ | ᠭᠡᠷ ᠣᠷᠣᠨ ᠢᠶᠠᠨ ᠬᠠᠮᠠᠭᠠᠯᠠᠬᠤ ᠳᠤ ᠲᠤᠰᠠ ᠲᠡᠮ ᠨᠡᠮᠡᠷᠢᠯᠡᠭᠰᠡᠨ ᠪᠠᠶᠢᠨ᠎ᠠ᠃ |