ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/3/25
   ᠮᠠᠯᠵᠢᠬᠤ ᠲᠠᠷᠢᠶᠠᠯᠠᠬᠤ ᠣᠷᠣᠨ ᠤ ᠨᠤᠲᠤᠭ ᠪᠡᠯᠴᠢᠭᠡᠷ ᠤᠨ ᠡᠬᠢ ᠪᠠᠶᠠᠯᠢᠭ ᠢ  ᠬᠠᠤᠯᠢ ᠶᠤᠰᠤᠭᠠᠷ ᠬᠠᠮᠠᠭᠠᠯᠠᠨ᠂ ᠰᠢᠨᠵᠢᠯᠡᠬᠦ ᠤᠬᠠᠭᠠᠨᠴᠢ ᠪᠠᠷ ᠠᠰᠢᠭᠯᠠᠵᠤ᠂ ᠠᠮᠢ ᠠᠬᠤᠢ ᠶᠢᠨ  ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠳᠤᠳᠬᠠᠬᠤ ᠶᠢᠨ ᠲᠦᠯᠦᠭᠡ᠂ ︽ᠲᠠᠶᠢᠹᠤᠰᠧ ᠬᠤᠰᠢᠭᠤᠨ ᠤ 2023 ︱ 2025 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ   ᠶᠢ ᠴᠠᠭᠠᠵᠠᠯᠠᠬᠤ  ᠠᠵᠢᠯ ᠤᠨ ᠬᠡᠷᠡᠭᠵᠢᠭᠦᠯᠬᠦ ᠲᠦᠰᠦᠪ︾   ᠢ  ᠦᠨᠳᠦᠰᠦᠯᠡᠵᠦ᠂  ᠮᠠᠨ ᠤ ᠬᠤᠰᠢᠭᠤ   ᠨᠢ 2023 ᠣᠨ ᠤ 4 ᠰᠠᠷ᠎ᠠ   ᠶᠢᠨ 1 ᠤ ᠡᠳᠦᠷ ᠠᠴᠠ ᠡᠬᠢᠯᠡᠨ  ᠬᠦᠨᠪᠤᠯᠠᠭ ᠰᠤᠮᠤᠨ ᠳᠤ ᠤᠯᠠᠷᠢᠯ ᠤᠨ ᠴᠢᠨᠠᠷᠳᠠᠢ  ᠪᠡᠯᠴᠢᠭᠡᠷ ᠰᠡᠷᠬᠦᠬᠡᠬᠦ ᠠᠷᠭ᠎ᠠ ᠶᠢ ᠭᠡᠷᠡᠭᠵᠢᠬᠦᠯᠵᠦ᠂  ᠪᠤᠰᠤᠳ 6 ᠰᠢᠶᠠᠩ ᠪᠠᠯᠭᠠᠰᠤᠨ ᠳᠤ ᠦᠬᠡᠷ ᠢ ᠤᠯᠠᠷᠢᠯ ᠤᠨ ᠴᠢᠨᠠᠷᠳᠠᠢ  ᠬᠠᠰᠢᠶᠠᠯᠠᠵᠤ᠂ ᠪᠤᠰᠤᠳ ᠮᠠᠯ   ᠢ ᠪᠥᠬᠦ ᠵᠢᠯ ᠢᠶᠠᠷ ᠬᠠᠰᠢᠶᠠᠯᠠᠬᠤ  ᠲᠦᠷᠢᠮ ᠢ ᠭᠡᠷᠡᠭᠵᠢᠬᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ   ᠢ ᠳᠣᠣᠷᠠᠬᠢ ᠮᠡᠲᠦ  ᠵᠠᠷᠯᠠᠨ ᠮᠡᠳᠡᠭᠳᠡᠰᠦᠬᠡᠢ᠄       ᠨᠢᠭᠡ᠂  ᠬᠦᠷᠢᠶ᠎ᠡ ᠭᠡᠪᠴᠢᠶ᠎ᠡ ᠪᠠ ᠴᠠᠭ ᠬᠤᠭᠤᠴᠠᠭ᠎ᠠ     ︵ᠨᠢᠭᠡ︶ ᠮᠠᠯᠵᠢᠬᠤ ᠣᠷᠣᠨ᠄ ᠬᠦᠨᠪᠤᠯᠠᠭ ᠰᠤᠮᠤᠨ ᠤ 19 ᠭᠠᠴᠠᠭᠠᠨ ᠤ ᠮᠠᠯ ᠪᠡᠯᠴᠢᠭᠡᠷ  ᠤᠨ ᠲᠡᠩᠴᠡᠭᠦᠷᠢ  ᠶᠢ ᠪᠠᠳᠤᠯᠠᠬᠤ ᠣᠷᠣᠨ ᠳᠤ ᠤᠯᠠᠷᠢᠯ ᠤᠨ ᠴᠢᠨᠠᠷᠳᠠᠢ ᠬᠠᠰᠢᠶᠠᠯᠠᠨ ᠮᠠᠯᠵᠢᠬᠤ ᠠᠷᠭ᠎ᠠ ᠶᠢ ᠭᠡᠷᠡᠭᠵᠢᠬᠦᠯᠦᠨ᠎ᠡ᠂  ᠬᠤᠯᠪᠤᠭᠳᠠᠬᠤ ᠲᠠᠯᠠᠪᠠᠶ 108.63 ᠲᠦᠮᠡᠨ ᠮᠦ   ᠃   ᠬᠠᠰᠢᠶᠠᠯᠠᠭ᠎ᠠ ᠶᠢᠨ ᠬᠤᠭᠤᠴᠠᠭ᠎ᠠ ᠨᠢ 4 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 15 ᠤ ᠡᠳᠦᠷ ᠪᠣᠯᠲᠠᠯ᠎ᠠ 45 ᠡᠳᠦᠷ  ᠃     ︵ᠬᠤᠶᠠᠷ︶ ᠲᠠᠷᠢᠶᠠᠯᠠᠬᠤ ᠣᠷᠣᠨ᠄  ᠪᠤᠤᠴᠠᠩ ᠪᠠᠯᠭᠠᠰᠤ᠂ ᠶᠦᠩ ᠹᠧᠩ ᠪᠠᠯᠭᠠᠰᠤ᠂ ᠴᠢᠶᠠᠨ ᠶᠢᠨ ᠭᠧᠦ ᠪᠠᠯᠭᠠᠰᠤ᠂ ᠯᠥᠸᠧ ᠲᠦᠸᠧ ᠱᠠᠨ ᠪᠠᠯᠭᠠᠰᠤ᠂  ᠬᠤᠩ ᠴᠢ ᠪᠠᠯᠭᠠᠰᠤ᠂ ᠰᠢᠩ ᠹᠦ᠋ ᠰᠢᠶᠠᠩ ᠵᠡᠷᠭᠡ 6 ᠰᠢᠶᠠᠩ ᠪᠠᠯᠭᠠᠰᠤᠨ ᠤ  ᠠᠳᠤᠭᠤ᠂ ᠬᠤᠨᠢ᠂ ᠡᠯᠵᠢᠭᠡ᠂ ᠯᠠᠭᠤᠰᠠ᠂ ᠲᠡᠮᠡᠭᠡ ᠶᠢ ᠪᠥᠬᠦ ᠵᠢᠯ ᠢᠶᠠᠷ ᠬᠠᠰᠢᠶᠠᠯᠠᠵᠤ᠂ ᠦᠬᠡᠷ ᠢ ᠤᠯᠠᠷᠢᠯ ᠤᠨ ᠴᠢᠨᠠᠷᠲᠠᠢ ᠬᠠᠰᠢᠶᠠᠯᠠᠨ ᠮᠠᠯᠵᠢᠨ᠎ᠠ᠃  ᠤᠯᠠᠷᠢᠯ ᠤᠨ ᠴᠢᠨᠠᠷᠳᠠᠢ  ᠬᠠᠰᠢᠶᠠᠯᠠᠭ᠎ᠠ ᠶᠢᠨ ᠬᠤᠭᠤᠴᠠᠭ᠎ᠠ ᠨᠢ 4 ᠰᠠᠷ᠎ᠠ ᠶᠢᠨ 10 ᠤ ᠡᠳᠦᠷ ᠠᠴᠠ 6 ᠰᠠᠷ᠎ᠠ ᠶᠢᠨ 1 ᠤ ᠡᠳᠦᠷ ᠪᠣᠯᠲᠠᠯ᠎ᠠ 50 ᠡᠳᠦᠷ  ᠃        ᠬᠤᠶᠠᠷ᠂  ᠨᠥᠬᠦᠪᠦᠷᠢ ᠤᠯᠭᠤᠬᠤ ᠨᠦᠬᠦᠴᠡᠯ  ᠪᠠᠷᠢᠮᠵᠢᠶ᠎ᠠ ᠪᠠ ᠠᠯᠬᠤᠮ ᠶᠠᠪᠤᠴᠠ      ︵ᠨᠢᠭᠡ︶  ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ ᠠᠵᠢᠯ ᠤᠨ ᠪᠣᠳᠠᠲᠤ ᠦᠷ᠎ᠡ ᠪᠦᠲᠦᠮᠵᠢ ᠶᠢ ᠤᠯᠵᠤ᠂   ᠬᠠᠰᠢᠶᠠᠯᠠᠭ᠎ᠠ ᠶᠢᠨ ᠬᠤᠭᠤᠴᠠᠭᠠᠨ ᠳᠤ ᠮᠠᠯᠴᠢᠨ ᠡᠷᠥᠭᠡ ᠶᠢᠨ ᠦᠢᠯᠡᠳᠪᠦᠷᠢᠯᠡᠯ ᠠᠮᠢᠳᠤᠷᠠᠯ  ᠨᠦᠯᠦᠭᠡᠯᠡᠭᠳᠡᠬᠦ ᠦᠭᠡᠢ ᠪᠠᠶᠢᠬᠤ ᠶᠢ ᠪᠠᠲᠤᠯᠠᠬᠤ ᠶᠢᠨ ᠲᠤᠰᠠᠳᠠ᠂  ᠪᠡᠯᠴᠢᠭᠡᠷᠯᠡᠭᠦᠯᠬᠦ ᠶᠢ ᠴᠠᠭᠠᠵᠠᠯᠠᠬᠤ ᠦᠨᠳᠦᠰᠦᠨ ᠨᠤᠳᠤᠭ ᠪᠡᠯᠴᠢᠭᠡᠷ ᠤᠨ ᠲᠠᠯᠠᠪᠠᠢ ᠪᠠᠷ  ᠬᠦᠨᠪᠤᠯᠠᠭ ᠰᠤᠮᠤᠨ ᠤ ᠮᠠᠯᠴᠢᠨ ᠡᠷᠦᠬᠡ ᠳᠤ ᠨᠥᠬᠦᠪᠦᠷᠢ  ᠤᠯᠭᠤᠨ᠎ᠠ᠃  ᠪᠠᠷᠢᠮᠵᠢᠶ᠎ᠠ ᠨᠢ  ᠮᠤ᠋ ᠪᠦᠷᠢ ᠳᠤ1.125 ᠲᠥᠭᠦᠷᠢᠭ  ᠂ ᠲᠠᠷᠢᠶᠠᠯᠠᠬᠤ ᠣᠷᠣᠨ ᠳᠤ ᠨᠥᠬᠦᠪᠦᠷᠢ ᠤᠯᠭᠤᠬᠤ ᠦᠭᠡᠢ᠃      ︵ᠬᠤᠶᠠᠷ︶  ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠳᠠᠭᠤᠰᠤᠭᠰᠠᠨ ᠤ ᠳᠠᠷᠠᠭ᠎ᠠ᠂ ᠬᠤᠰᠢᠭᠤᠨ ᠤ  ᠪᠡᠯᠴᠢᠭᠡᠷ ᠰᠡᠷᠭᠦᠭᠡᠬᠦ ᠠᠵᠢᠯ ᠤᠨ ᠤᠳᠤᠷᠢᠳᠬᠤ ᠳᠤᠭᠤᠶᠢᠯᠠᠩ   ᠠᠴᠠ ᠬᠤᠰᠢᠭᠤᠨ ᠤ ᠲᠠᠷᠢᠶᠠᠯᠠᠩ  ᠮᠠᠯ ᠠᠵᠤ ᠠᠬᠤᠢ᠂ ᠣᠶ ᠰᠢᠭᠤᠢ ᠨᠤᠳᠤᠭ ᠪᠡᠯᠴᠢᠭᠡᠷ᠂ ᠡᠳ᠋ ᠤᠨ ᠵᠠᠰᠠᠭ ᠤᠨ ᠰᠠᠯᠠᠭ᠎ᠠ ᠮᠦᠴᠢᠷ ᠪᠠ  ᠬᠦᠨᠪᠤᠯᠠᠭ ᠰᠤᠮᠤ ᠶᠢ ᠵᠣᠬᠢᠶᠠᠨ ᠪᠠᠶᠢᠭᠤᠯᠵᠤ ᠪᠡᠯᠴᠢᠭᠡᠷ ᠰᠡᠷᠭᠦᠭᠡᠬᠦ ᠠᠵᠢᠯ ᠢ ᠰᠢᠯᠭᠠᠨ ᠪᠠᠶᠢᠴᠠᠭᠠᠨ᠎ᠠ᠃ ᠰᠢᠯᠭᠠᠨ  ᠪᠠᠶᠢᠴᠠᠭᠠᠭᠠᠳ ᠬᠢᠷᠢ ᠲᠡᠩᠴᠡᠭᠰᠡᠨ ᠤ ᠳᠠᠷᠠᠭ᠎ᠠ᠂ ᠭᠠᠴᠠᠭ᠎ᠠ ᠪᠠᠷ ᠨᠢᠬᠡᠴᠢᠯᠡᠨ ᠰᠤᠮᠤᠨ ᠳᠤ ᠮᠡᠳᠡᠭᠦᠯᠵᠦ᠂  ᠰᠤᠮᠤᠨ ᠤ ᠵᠠᠰᠠᠭ ᠤᠨ ᠤᠷᠳᠤᠨ ᠠᠴᠠ ᠬᠢᠨᠠᠨ ᠬᠠᠷᠭᠤᠭᠤᠯᠵᠤ ᠢᠯᠡ ᠨᠡᠶᠢᠲᠡᠯᠡᠨ᠎ᠡ᠂  ᠨᠡᠶᠢᠲᠡᠯᠡᠬᠦ ᠬᠤᠭᠤᠴᠠᠭ᠎ᠠ ᠨᠢ 5 ᠡᠳᠦᠷ᠂  ᠨᠡᠶᠢᠳᠡᠯᠡᠭᠡᠳ ᠰᠠᠨᠠᠯ ᠦᠭᠡᠢ ᠪᠣᠯ ᠬᠤᠰᠢᠭᠤᠨ ᠤ ᠣᠶ ᠰᠢᠭᠤᠢ  ᠨᠤᠳᠤᠭ ᠪᠡᠯᠴᠢᠭᠡᠷ ᠤᠨ ᠲᠤᠪᠴᠢᠶᠠᠨ ᠳᠤ ᠮᠡᠳᠡᠭᠦᠯᠵᠦ᠂  ᠣᠶ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ ᠨᠢ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ  ᠮᠡᠳᠡᠬᠦᠯᠦᠨ᠂ ᠡᠳ᠋ ᠤᠨ ᠵᠠᠰᠠᠭ ᠤᠨ ᠲᠣᠪᠴᠢᠶ᠎ᠠ  ᠠᠴᠠ ︽ ᠪᠦᠷᠢᠨ ᠴᠢᠳᠠᠮᠵᠢᠳᠤ ᠺᠠᠷᠲ︾ ᠢᠶᠠᠷ ᠳᠡᠮᠵᠢᠨ ᠨᠦᠬᠦᠪᠦᠷᠢ ᠮᠦᠩᠬᠦ ᠶᠢ ᠡᠷᠦᠬᠡ ᠳᠤ ᠣᠯᠭᠤᠨ᠎ᠠ᠃      ᠭᠤᠷᠪᠠ  ᠂  ᠬᠠᠮᠢᠶ᠎ᠠ ᠪᠦᠬᠦᠢ ᠱᠠᠭᠠᠷᠳᠠᠯᠭ᠎ᠠ    ︵ᠨᠢᠭᠡ︶ ᠮᠠᠯᠴᠢᠨ ᠲᠠᠷᠢᠶᠠᠴᠢᠨ ᠡᠷᠦᠬᠡ ᠨᠢ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠭᠦᠢᠴᠡᠳᠬᠡᠵᠦ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ ᠪᠠ ᠲᠠᠷᠢᠶᠠᠯᠠᠬᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠳᠤ ᠢᠳᠡᠪᠬᠢᠲᠡᠢ ᠬᠠᠮᠵᠢᠯᠴᠠᠨ᠂ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠢᠨᠠᠯᠲᠠ  ᠬᠠᠮᠢᠶᠠᠷᠤᠯᠲᠠ ᠶᠢ ᠲᠠᠭᠠᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠰᠤᠮᠤ ᠰᠢᠶᠠᠩ ᠪᠠᠯᠭᠠᠰᠤ ᠨᠢ ᠭᠠᠴᠠᠭ᠎ᠠ ᠲᠣᠰᠬᠤᠨ ᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂  ᠲᠤᠰ ᠭᠠᠴᠠᠭ᠎ᠠ ᠲᠣᠰᠬᠤᠨ ᠤ ᠨᠤᠳᠤᠭ ᠪᠡᠯᠴᠢᠭᠡᠷ ᠲᠡᠭᠡᠷ᠎ᠡ ᠭᠠᠳᠠᠨ᠎ᠠ ᠶᠢᠨ ᠮᠠᠯ ᠤᠨᠤᠭ᠎ᠠ ᠤᠷᠤᠭᠤᠯᠵᠤ  ᠪᠡᠯᠴᠢᠭᠡᠷᠯᠡᠬᠦᠯᠬᠦ ᠶᠢ ᠡᠷᠡᠰ ᠬᠤᠷᠢᠭᠯᠠᠬᠤ ᠭᠡᠷᠡᠭᠳᠡᠢ᠃    ︵ᠬᠤᠶᠠᠷ︶  ᠬᠦᠨᠪᠤᠯᠠᠭ ᠰᠤᠮᠤᠨ ᠤ ᠮᠠᠯᠴᠢᠨ ᠡᠷᠦᠬᠡ ᠨᠢ ᠰᠠᠭᠤᠷᠢ ᠲᠦᠬᠦᠭᠡᠷᠦᠮᠵᠢ ᠪᠠᠷ ᠭᠤᠣᠯ ᠪᠣᠯᠭᠠᠵᠤ᠂ ᠬᠢᠨᠠᠨ ᠲᠣᠭᠲᠠᠭᠠᠭᠰᠠᠨ ᠪᠡᠯᠴᠢᠭᠡᠷ ᠤᠨ ᠲᠠᠭᠠᠭᠠᠴᠠ ᠪᠠᠷ ᠰᠠᠭᠤᠷᠢ ᠲᠤᠭ᠎ᠠ ᠪᠣᠯᠭᠠᠨ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ  ᠬᠤᠭᠤᠴᠠᠭᠠᠨ ᠳᠤ ᠮᠠᠯ ᠤᠨ ᠬᠦᠳᠡᠯᠭᠡᠭᠡᠨ ᠬᠢᠬᠦ ᠲᠠᠯᠠᠪᠤᠷ ᠢ ᠲᠤᠬᠢᠷᠠᠭᠤᠯᠤᠨ᠎ᠠ᠂   ᠪᠠᠷᠢᠮᠵᠢᠶ᠎ᠠ  ᠨᠢ ᠨᠢᠬᠡ ᠬᠤᠨᠢᠨ ᠤ 20 ᠬᠠᠪᠳᠠᠭᠠᠢ ᠳᠥᠷᠪᠡᠯᠵᠢᠨ ᠮᠧᠲᠷ ᠠᠴᠠ ᠲᠠᠪᠠᠭ᠋ᠤ ᠦᠬᠡᠢ᠂ ᠨᠢᠭᠡ ᠦᠬᠡᠷ ᠢ 5 ᠬᠤᠨᠢ   ᠪᠠᠷ ᠪᠤᠳᠤᠨ᠎ᠠ᠃ ᠲᠠᠷᠢᠶᠠᠯᠠᠬᠤ ᠣᠷᠣᠨ ᠬᠢᠨ ᠬᠦᠷᠢᠶ᠎ᠡ ᠬᠠᠰᠢᠶᠠᠨ ᠤ ᠪᠠᠶᠢᠳᠠᠯ ᠢᠶᠠᠨ ᠦᠨᠳᠦᠰᠦᠯᠡᠵᠦ ᠲᠤᠭᠳᠠᠭᠠᠨ᠎ᠠ᠃    ︵ᠭᠤᠷᠪᠠ︶ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠳᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠰᠤᠮᠤ ᠰᠢᠶᠠᠩ  ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠮᠢᠶᠠᠷᠤᠯᠳᠠ ᠶᠢᠨ ᠡᠷᠴᠢᠮ ᠢᠶᠠᠨ ᠴᠢᠩᠭᠠᠷᠠᠭᠤᠯᠤᠨ᠂  ᠤᠯᠠᠷᠢᠯ ᠤᠨ ᠴᠢᠨᠠᠷᠳᠠᠢ ᠪᠡᠯᠴᠢᠭᠡᠷ ᠰᠡᠷᠬᠦᠬᠡᠬᠦ ᠬᠤᠭᠤᠴᠠᠭᠠᠨ ᠳᠤ   ᠲᠦᠷᠢᠮ ᠲᠣᠭᠲᠠᠭᠠᠯ ᠠᠴᠠ ᠵᠥᠷᠢᠴᠡᠨ ᠮᠠᠯ ᠪᠡᠯᠴᠢᠭᠡᠷᠯᠡᠬᠦᠯᠦᠭᠰᠡᠨ ᠦᠶᠯᠡ ᠠᠵᠢᠯᠯᠠᠭ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ  ᠤᠨ ᠲᠡᠩᠴᠡᠭᠦᠷᠢ  ᠶᠢ ᠪᠠᠳᠤᠯᠠᠬᠤ ᠪᠠ  ᠪᠡᠯᠴᠢᠭᠡᠷ ᠰᠡᠷᠬᠦᠬᠡᠵᠦ  ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ︾ ᠤᠨ ᠭᠤᠴᠢᠨ ᠲᠠᠪᠤᠳᠤᠭᠠᠷ ᠵᠤᠷᠪᠤᠰ ᠲᠣᠭᠲᠠᠭᠠᠯ ᠢ  ᠦᠨᠳᠦᠰᠦᠯᠡᠵᠦ᠂ ᠬᠤᠨᠢᠨ ᠨᠢᠬᠡᠴᠢ ᠪᠦᠷᠢ ᠠᠴᠠ 120 ᠲᠥᠭᠦᠷᠢᠭ ᠲᠣᠷᠭᠠᠨ᠎ᠠ᠃ ᠲᠠᠷᠢᠶᠠᠯᠠᠬᠤ ᠣᠷᠣᠨ ᠤ ᠲᠦᠷᠢᠮ ᠲᠣᠭᠲᠠᠭᠠᠯ  ᠵᠥᠷᠢᠴᠡᠭᠰᠡᠨ ᠥᠢᠯᠡ ᠠᠵᠢᠯᠯᠠᠭ᠎ᠠ   ᠶᠢᠨ ᠬᠦᠨᠳᠦ ᠬᠦᠩᠭᠡᠨ ᠢ ᠨᠢ ᠦᠵᠡᠵᠦ ᠪᠠᠶᠢᠭᠠᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾ ᠶᠢᠨ ᠲᠠᠯᠠᠨ ᠳᠥᠷᠪᠡᠳᠦᠭᠡᠷ ᠵᠤᠷᠪᠤᠰ  ᠂ ︽ᠥᠪᠥᠷ ᠮᠣᠩᠭᠤᠯ᢭ᠣᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦ ᠶᠢ ᠰᠡᠷᠭᠡᠶᠢᠯᠡᠨ ᠵᠠᠰᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠤᠷᠪᠤᠰ ᠵᠢᠴᠢ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾ ᠶᠢᠨ ᠳᠥᠴᠢ ᠶᠢᠰᠦᠳᠦᠭᠡᠷ  ᠵᠤᠷᠪᠤᠰ ᠲᠤᠭᠳᠠᠭᠠᠯ ᠢ ᠦᠨᠳᠦᠰᠦᠯᠡᠨ  ᠵᠤᠬᠢᠰᠳᠠᠢ ᠪᠠᠷ ᠰᠢᠳᠬᠡᠨ ᠲᠤᠷᠭᠠᠨ᠎ᠠ᠃ ᠰᠤᠮᠤ ᠰᠢᠶᠠᠩ ᠪᠠᠯᠭᠠᠰᠤ ᠨᠢ ᠣᠶ ᠰᠢᠭᠤᠢ ᠨᠤᠳᠤᠭ ᠪᠡᠯᠴᠢᠭᠡᠷ  ᠬᠠᠮᠠᠭᠠᠯᠠᠬᠤ ᠠᠵᠢᠯᠳᠠᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡᠳᠦᠯᠲᠡᠢ ᠵᠣᠬᠢᠶᠠᠨ ᠪᠠᠶᠢᠭᠤᠯᠵᠤ᠂ ᠴᠢᠩᠭ᠎ᠠ ᠨᠢᠮᠪᠠᠢ ᠬᠢᠨᠠᠵᠤ ᠬᠠᠮᠢᠶᠠᠷᠤᠨ᠂  ᠲᠣᠭᠲᠠᠮᠠᠯ ᠬᠤᠭᠤᠴᠠᠭ᠎ᠠ ᠲᠠᠢ ᠲᠤᠭᠤᠷᠢᠨ ᠴᠠᠭᠳᠠᠵᠤ᠂  ᠪᠡᠯᠴᠢᠭᠡᠷᠯᠡᠭᠦᠯᠬᠦ ᠶᠢ  ᠴᠠᠭᠠᠵᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃     ︵ᠳᠥᠷᠪᠡ︶ ᠪᠥᠬᠦ ᠬᠤᠰᠢᠭᠤᠨ ᠤ ᠠᠵᠢᠯ ᠤᠨ ᠪᠠᠶᠢᠷᠢᠯᠠᠭᠤᠯᠤᠯᠳᠠ ᠶᠣᠰᠣᠭᠠᠷ᠂  ᠤᠯᠠᠷᠢᠯ ᠤᠨ ᠴᠢᠨᠠᠷᠲᠠᠢ  ᠪᠡᠯᠴᠢᠭᠡᠷ ᠰᠡᠷᠬᠦᠬᠡᠬᠦ ᠬᠤᠭᠤᠴᠠᠭᠠᠨ ᠳᠤ ᠮᠠᠨ ᠤ ᠬᠤᠰᠢᠭᠤ ᠨᠢ ᠮᠠᠯᠵᠢᠬᠤ ᠲᠠᠷᠢᠶᠠᠯᠠᠬᠤ ᠣᠷᠣᠨ ᠳᠤ ᠬᠤᠯᠤᠭᠠᠨ᠎ᠠ ᠤᠰᠠᠳᠬᠠᠬᠤ ᠨᠣᠬᠠᠢ ᠶᠢᠨ ᠪᠥᠭᠡᠰᠦ ᠤᠰᠠᠳᠬᠠᠬᠤ ᠠᠵᠢᠯ ᠢ ᠦᠷᠨᠢᠬᠦᠯᠬᠦ ᠪᠤᠯᠬᠤᠷ᠂ ᠥᠷᠭᠡᠨ ᠣᠯᠠᠨ  ᠮᠠᠯᠴᠢᠨ ᠲᠠᠷᠢᠶᠠᠴᠢᠨ ᠡᠷᠦᠬᠡ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠭᠡᠷᠡᠭᠵᠢᠬᠦᠯᠵᠦ᠂ ᠮᠠᠯ ᠤᠨᠤᠭ᠎ᠠ ᠪᠠᠨ ᠰᠠᠶᠢᠳᠤᠷ ᠬᠠᠮᠢᠶᠠᠷᠬᠤ ᠭᠡᠷᠡᠭᠳᠡᠢ  ᠂  ᠲᠦᠷᠢᠮ ᠲᠣᠭᠲᠠᠭᠠᠯ ᠠᠴᠠ ᠵᠦᠷᠢᠴᠡᠵᠦ ᠪᠡᠯᠴᠢᠭᠡᠷ ᠲᠤ ᠭᠠᠷᠭᠠᠭᠠᠳ᠂  ᠡᠮ ᠬᠤᠤᠷ᠎ᠠ ᠳᠤ ᠬᠤᠤᠷᠠᠳᠠᠭᠳᠠᠪᠠᠯ ᠠᠯᠢᠪᠠ ᠦᠷ᠎ᠡ ᠳ᠋ᠦᠩ ᠢ ᠥᠪᠡᠰᠦᠪᠡᠨ ᠡᠭᠦᠷᠭᠡᠯᠡᠨ᠎ᠡ᠃    ︵ᠲᠠᠪᠤ︶ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠤ ᠢᠯᠡᠴᠢᠯᠡᠨ ᠮᠡᠳᠡᠭᠦᠯᠬᠦ ᠤᠳᠠᠰᠤ ᠲᠤᠬᠢᠷᠠᠭᠤᠯᠵᠤ᠂ ᠨᠡᠶᠢᠭᠡᠮ ᠨᠡᠶᠢᠳᠡ ᠶᠢᠨ ᠬᠢᠨᠠᠯᠲᠠ ᠶᠢ ᠬᠦᠯᠢᠶᠡᠨ᠎ᠡ᠃     ᠢᠯᠡᠴᠢᠯᠡᠨ ᠮᠡᠳᠡᠭᠦᠯᠬᠦ ᠤᠲᠠᠰᠤ᠄ 0479 ︱ 5222413᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号