ᠴᠠᠭ ᠠᠭᠤᠷ ᠤᠨ ᠲᠤᠪᠴᠢᠶᠠᠨ ᠤ ᠬᠢᠨ ᠲᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠰᠢᠨᠵᠢᠯᠡᠬᠦ ᠤᠬᠠᠭᠠᠨ ᠲᠦᠬᠡᠮᠡᠯᠵᠢᠬᠦᠯᠬᠦ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2023/3/27
  ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨᠵᠢᠯᠡᠬᠦ ᠤᠬᠠᠭᠠᠨ ᠤ ᠮᠡᠳᠡᠯᠭᠡ ᠶᠢ  ᠲᠦᠬᠡᠮᠡᠯᠵᠢᠬᠦᠯᠬᠦ ᠶᠢᠨ ᠲᠥᠯᠥᠭᠡ᠂  ᠤᠶᠢᠷ᠎ᠠ ᠳᠤ ᠲᠠᠶᠢᠹᠤᠰᠧ ᠬᠤᠰᠢᠭᠤᠨ ᠤ ᠴᠠᠭ ᠠᠭᠤᠷ ᠤᠨ ᠲᠣᠪᠴᠢᠶ᠎ᠠ ᠨᠢ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠳᠤ ᠬᠦᠨᠵᠡᠬᠡᠶᠢᠷᠡᠵᠦ᠂ ᠰᠤᠷᠤᠭᠴᠢᠳ ᠲᠤ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠲᠠᠶᠢᠯᠤᠮᠵᠢ ᠬᠢᠭᠰᠡᠨ ᠪᠠᠶᠢᠨ᠎ᠠ᠃ ᠠᠵᠢᠯᠯᠠᠭ᠎ᠠ ᠡᠬᠢᠯᠡᠮᠡᠭᠴᠡ᠂  ᠴᠠᠭ ᠠᠭᠤᠷ ᠤᠨ ᠲᠤᠪᠴᠢᠶᠠᠨ ᠤ  ᠠᠵᠢᠯᠳᠠᠳ ᠠᠴᠠ ᠳᠥᠭᠦᠮ ᠣᠶᠢᠯᠠᠭᠠᠮᠵᠢᠲᠠᠢ ᠦᠭᠡ ᠬᠡᠯᠡᠯᠭᠡ  ᠪᠠᠷ  ᠪᠠᠭᠰᠢ ᠰᠤᠷᠤᠭᠴᠢᠳ ᠲᠤ ᠰᠠᠯᠬᠢ᠂ ᠮᠥᠨᠳᠥᠷ᠂ ᠪᠣᠷᠣᠭᠠᠨ᠂ ᠮᠠᠨᠠᠨ᠂ ᠴᠠᠰᠤ ᠵᠡᠷᠭᠡ ᠴᠠᠭ ᠠᠭᠤᠷ ᠤᠨ ᠦᠵᠡᠭᠳᠡᠯ᠂ ᠠᠭᠤᠷ ᠠᠮᠢᠰᠬᠤᠯ ᠤᠨ ᠲᠤᠬᠠᠢ ᠦᠨᠳᠦᠰᠦᠨ ᠮᠡᠳᠡᠯᠭᠡ ᠶᠢ ᠶᠠᠷᠢᠵᠤ᠂ ᠴᠠᠭ ᠠᠭᠤᠷ ᠤᠨ ᠮᠡᠳᠡᠭᠡ ᠵᠠᠩᠭᠢ ᠶᠢ ᠣᠯᠵᠤ ᠮᠡᠳᠡᠬᠦ ᠠᠷᠭ᠎ᠠ ᠵᠠᠮ ᠵᠢᠴᠢ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠬᠡᠷᠬᠢᠨ ᠨᠡᠶᠢᠳᠡᠯᠡᠬᠦ  ᠲᠤᠬᠠᠢ ᠠᠭᠤᠯᠭ᠎ᠠ ᠶᠢ ᠲᠠᠨᠢᠯᠴᠠᠭᠤᠯᠤᠭᠰᠠᠨ ᠤ ᠬᠠᠮᠲᠤ᠂ ᠲᠤᠰ ᠭᠠᠵᠠᠷ ᠣᠷᠣᠨ ᠤ ᠠᠭᠤᠷ ᠠᠮᠢᠰᠬᠤᠯ ᠤᠨ ᠣᠨᠴᠠᠯᠢᠭ ᠲᠠᠢ ᠤᠶᠠᠯᠳᠤᠭᠤᠯᠤᠨ ᠦᠷᠭᠦᠯᠵᠢ ᠲᠣᠬᠢᠶᠠᠯᠳᠤᠬᠤ ᠴᠠᠭ ᠠᠭᠤᠷ ᠤᠨ ᠭᠠᠮᠰᠢᠭ᠂  ᠰᠡᠷᠡᠮᠵᠢ ᠶᠢᠨ ᠳᠣᠬᠢᠶ᠎ᠠ᠂  ᠭᠠᠮᠰᠢᠭ ᠤᠨ ᠰᠢᠯᠲᠠᠭᠠᠨ ᠪᠠ ᠰᠡᠷᠭᠡᠶᠢᠯᠡᠯᠲᠡ ᠶᠢᠨ ᠠᠷᠭ᠎ᠠ ᠵᠡᠷᠭᠡ  ᠮᠡᠳᠡᠯᠭᠡ ᠶᠢ ᠨᠠᠷᠢᠨ ᠲᠠᠨᠢᠯᠴᠠᠭᠤᠯᠵᠠᠢ᠃  ᠲᠠᠶᠢᠯᠤᠮᠵᠢ ᠬᠢᠬᠦ ᠶᠠᠪᠤᠴᠠ ᠳᠠᠭᠠᠨ ᠪᠠᠰᠠ ᠱᠠᠩᠨᠠᠯ ᠲᠠᠢ ᠠᠰᠠᠭᠤᠯᠳᠠ ᠬᠠᠷᠢᠭᠤᠯᠬᠤ ᠠᠷᠭ᠎ᠠ ᠪᠠᠷ  ᠰᠤᠷᠤᠭᠴᠢᠳ ᠤᠨ ᠤᠷᠮ᠎ᠠ ᠪᠠᠬ᠎ᠠ ᠶᠢ ᠲᠠᠶᠢᠴᠢᠯᠠᠨ᠂  ᠰᠤᠷᠤᠭᠴᠢᠳ ᠢᠳᠡᠪᠬᠢᠲᠡᠢ ᠪᠠᠷ ᠭᠠᠷ ᠡᠷᠭᠦᠵᠦ ᠪᠤᠯᠢᠶᠠᠯᠳᠤᠨ ᠬᠠᠷᠢᠭᠤᠯᠤᠭᠠᠳ᠂  ᠠᠬᠤᠢ ᠲᠠᠯᠠᠪᠠᠢ ᠬᠦᠭᠵᠢᠶᠡᠨ ᠢᠶᠠᠷ ᠪᠢᠯᠬᠠᠵᠤ᠂ ᠠᠮᠢᠳᠤᠯᠢᠭ ᠰᠠᠶᠢᠬᠠᠨ ᠬᠢᠴᠢᠶᠡᠯ ᠲᠠᠶᠢᠯᠤᠮᠵᠢ  ᠪᠤᠯᠤᠭᠰᠠᠨ ᠪᠠᠶᠢᠯ᠎ᠠ᠃     ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠰᠣᠷᠣᠭᠴᠢ ᠹᠧᠩ ᠬᠦᠶ ᠰᠢᠨ᠄  ︽ᠡᠨᠡ ᠤᠳᠠᠭᠠᠨ ᠤ ᠬᠢᠴᠢᠶᠡᠯ ᠢᠶᠠᠷ  ᠲᠠᠮᠵᠢᠭᠠᠳ ᠮᠠᠰᠢ ᠣᠯᠠᠨ ᠰᠢᠨ᠎ᠡ ᠮᠡᠳᠡᠯᠭᠡ ᠶᠢ ᠣᠯᠵᠤ ᠰᠤᠷᠴᠠᠢ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ  ᠨᠡᠶᠢᠳᠡᠯᠡᠬᠦ ᠶᠠᠪᠤᠴᠠ ᠮᠠᠰᠢ ᠭᠠᠶᠢᠬᠠᠮᠰᠢᠭᠲᠠᠢ᠂  ᠮᠢᠨᠦ ᠬᠤᠪᠢ ᠳᠤ ᠬᠤᠵᠢᠮ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠢᠯᠡᠭᠦᠬᠡᠨ ᠠᠩᠬᠠᠷᠴᠤ᠂ ᠥᠪᠡᠷ ᠤᠨ ᠠᠮᠤᠷ ᠲᠦᠪᠰᠢᠨ ᠤ ᠤᠬᠠᠮᠰᠠᠷ ᠢᠶᠠᠨ ᠲᠡᠭᠡᠭᠰᠢᠯᠡᠬᠦᠯᠦᠨ᠎ᠡ︾᠃     ᠴᠠᠭ ᠠᠭᠤᠷ ᠤᠨ ᠲᠣᠪᠴᠢᠶᠠᠨ ᠤ ᠲᠡᠳ᠋ ᠳᠠᠷᠤᠭ᠎ᠠ ᠵᠠᠩ ᠬᠠᠢ ᠹᠧᠩ᠄ ︽ᠡᠨᠡ ᠤᠳᠠᠭᠠᠨ ᠤ  ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠪᠠᠷ ᠲᠠᠮᠵᠢᠭᠠᠳ᠂ ᠥᠷᠭᠡᠨ ᠤᠯᠠᠨ ᠵᠠᠯᠠᠭᠤᠴᠤᠳ ᠪᠠᠭᠠᠴᠤᠳ ᠲᠤ ᠴᠠᠭ ᠠᠭᠤᠷ ᠢ ᠨᠠᠩ ᠰᠠᠶᠢᠨ ᠣᠶᠢᠯᠠᠭᠠᠭᠤᠯᠵᠤ᠂  ᠨᠠᠩ ᠰᠠᠶᠢᠨ ᠲᠠᠨᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠴᠢᠳᠠᠪᠤᠷᠢ ᠶᠢ ᠨᠢ ᠨᠡᠮᠡᠭᠳᠡᠭᠦᠯᠬᠦ ᠬᠠᠷᠠᠯᠳᠠ ᠳᠠᠭᠠᠨ ᠬᠦᠷᠦᠯ᠎ᠡ᠂  ᠮᠠᠨ ᠤ ᠲᠤᠪᠴᠢᠶ᠎ᠠ ᠨᠢ ᠬᠤᠶᠢᠰᠢᠳᠠ  ᠡᠶᠢᠮᠦᠷᠬᠦ ᠠᠵᠢᠯᠯᠠᠭ᠎ᠠ ᠶᠢ ᠦᠨᠳᠦᠰᠦᠨ ᠱᠠᠳᠤᠨ ᠳᠤ ᠪᠠᠶᠢᠩᠭᠤ ᠦᠷᠨᠢᠬᠦᠯᠦᠨ᠎ᠡ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号