ᠬᠤᠶᠠᠷ ᠭᠠᠵᠠᠷ ᠤᠨ ᠤᠯᠠᠭᠠᠨᠮᠦ᠋ᠴᠢᠷ ᠤᠨ ᠬᠢᠨ ᠬᠠᠮᠳᠤᠷᠠᠭᠰᠠᠨ ᠲᠤᠭᠯᠠᠯᠳᠠ ᠪᠡᠯᠡᠳᠭᠡᠵᠦ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠠᠷᠠᠳ ᠲᠦᠮᠡᠨ ᠳᠤ ᠤᠯᠠᠮᠵᠢᠯᠠᠨ᠎ᠠ
ᠨᠡᠶᠢᠲᠡᠯᠡᠭᠰᠡᠨ ᠴᠠᠭ᠄
2023/3/27
  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠤᠳᠬ᠎ᠠ ᠤᠷᠠᠯᠢᠭ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠤᠱᠯᠠᠭᠤᠯᠵᠤ᠂  ᠤᠯᠠᠨ ᠲᠦᠮᠡᠨ ᠤ  ᠰᠤᠶᠤᠯ ᠤᠶᠤᠨ ᠤ ᠬᠡᠷᠡᠭᠴᠡᠭᠡ ᠶᠢ ᠨᠡᠩ ᠰᠠᠶᠢᠨ ᠬᠠᠩᠭᠠᠬᠤ ᠶᠢᠨ ᠲᠥᠯᠥᠭᠡ ᠂ 3 ᠰᠠᠷ᠎ᠠ ᠶᠢᠨ 24 ᠤ ᠡᠳᠦᠷ ᠲᠠᠶᠢᠹᠤᠰᠧ ᠬᠤᠰᠢᠭᠤᠨ ᠤ ᠤᠯᠠᠭᠠᠨᠮᠥ᠋ᠴᠢᠷ ᠨᠢ ᠠᠪᠠᠭ᠎ᠠ ᠬᠤᠰᠢᠭᠤᠨ ᠤ ᠤᠯᠠᠭᠠᠨᠮᠥ᠋ᠴᠢᠷ ᠲᠠᠢ ᠬᠠᠮᠲᠤ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ  ᠤᠬᠠᠭᠤᠯᠤᠨ ᠲᠤᠤᠱᠯᠠᠭᠤᠯᠬᠤ ᠦᠨᠳᠦᠰᠦᠨ ᠱᠠᠲᠤᠨ ᠳᠤ ᠦᠢᠯᠡᠴᠢᠯᠡᠬᠦ ᠠᠵᠢᠯᠯᠠᠭ᠎ᠠ ᠥᠷᠨᠢᠭᠦᠯᠪᠡ᠃  ᠬᠤᠶᠠᠷ ᠬᠤᠰᠢᠭᠤᠨ ᠤ ᠤᠯᠠᠭᠠᠨᠮᠥ᠋ᠴᠢᠷ ᠤᠨ ᠬᠢᠨ  ︽ᠢᠷᠦᠭᠡᠯ︾᠂ ︽ᠠᠪᠠᠭ᠎ᠠ ᠨᠤᠲᠤᠭ︾᠂ ︽ᠮᠠᠭᠲᠠᠭᠠᠯ ᠳᠠᠭᠤᠤ︾᠂ ︽ᠲᠦᠮᠡᠨ ᠠᠭᠲᠠ ᠶᠢᠨ ᠲᠦᠪᠡᠷᠭᠡᠨ︾᠂  ︽ ᠬᠠᠯᠠᠭᠤᠨ ᠦᠯᠦᠬᠡᠢ︾  ᠂ ︽ ᠸᠠᠩ ᠡᠮᠡᠭᠡ   ᠶᠢᠨ ᠪᠠᠶᠠᠷ ᠵᠢᠷᠭᠠᠯ︾ ᠵᠡᠷᠭᠡ ᠲᠠᠭᠤᠤ ᠪᠦᠵᠢᠭ ᠠᠶᠠᠰ ᠬᠦᠭᠵᠢᠮ ᠤᠨ ᠭᠤᠴᠤ ᠲᠤᠭᠯᠠᠯᠳᠠ   ᠶᠢ ᠪᠡᠯᠡᠳᠬᠡᠵᠦ᠂  ᠴᠠᠭ ᠦᠶ᠎ᠡ ᠶᠢᠨ ᠭᠤᠣᠯ ᠬᠦᠭ ᠠᠶᠠᠰ ᠢ ᠴᠢᠪᠬᠠᠳᠠᠨ᠂  ᠡᠯ᠎ᠡ ᠦᠨᠳᠦᠰᠦᠲᠡᠨ ᠤ ᠠᠷᠠᠳ ᠲᠦᠮᠡᠨ ᠤ  ᠠᠨᠠᠷ ᠤᠨ ᠦᠷ᠎ᠡ ᠰᠢᠭ ᠨᠢᠭᠲᠠᠷᠠᠨ  ᠪᠦᠯᠬᠦᠮᠳᠡᠭᠰᠡᠨ ᠭᠤᠶᠢᠳᠠ ᠰᠠᠶᠢᠬᠠᠨ ᠲᠦᠷᠰᠦ ᠪᠠᠶᠢᠳᠠᠯ ᠢ ᠠᠮᠢᠳᠤᠯᠢᠭ ᠢᠶᠠᠷ ᠵᠢᠷᠤᠭᠯᠠᠵᠤ᠂  ᠠᠬᠤᠢ ᠲᠠᠯᠠᠪᠠᠢ   ᠳᠠᠬᠢ ᠠᠷᠠᠳ ᠢᠷᠭᠡᠳ ᠲᠤ ᠰᠣᠶᠣᠯ ᠤᠨ ︽ᠲᠠᠩᠰᠤᠭ ᠢᠳᠡᠭᠡᠨ︾   ᠢ ᠡᠷᠬᠦᠭᠡᠳ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠤᠬᠠᠭᠤᠯᠭ᠎ᠠ ᠶᠢ ᠦᠨᠡᠨᠬᠦ ᠦᠨᠳᠦᠰᠦᠨ ᠱᠠᠲᠤᠨ ᠳᠤ ᠬᠦᠷᠭᠡᠭᠰᠡᠨ ᠪᠠᠶᠢᠨ᠎ᠠ᠃    ᠠᠪᠠᠭ᠎ᠠ ᠬᠤᠰᠢᠭᠤᠨ ᠤ ᠤᠯᠠᠭᠠᠨᠮᠥ᠋ᠴᠢᠷ ᠤᠨ ᠲᠤᠭᠯᠠᠭᠴᠢ ᠵᠤᠯᠠ᠄ ︽ᠡᠨᠡ ᠤᠳᠠᠭᠠᠨ ᠤ ᠬᠠᠮᠳᠤᠷᠠᠭᠰᠠᠨ ᠲᠣᠭᠯᠠᠯᠲᠠ ᠳᠤ ᠤᠷᠤᠯᠴᠠᠭᠠᠳ᠂ ᠲᠠᠶᠢᠹᠤᠰᠧ ᠬᠤᠰᠢᠭᠤᠨ ᠤ ᠤᠯᠠᠭᠠᠨᠮᠥ᠋ᠴᠢᠷ ᠤᠨ ᠳᠠᠪᠠᠭᠤᠯᠢᠭ ᠲᠠᠯ᠎ᠠ ᠶᠢ ᠰᠤᠷᠤᠯᠴᠠᠬᠤ ᠶᠢᠨ ᠲᠠᠭᠠᠤ᠂᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠷᠠᠳ ᠲᠦᠮᠡᠨ ᠳᠤ  ᠤᠬᠠᠭᠤᠯᠵᠤ᠂  ᠠᠷᠠᠳ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠡ᠃ ᠵᠠᠯᠭᠠᠭᠠᠳ ᠮᠠᠨ ᠤ ᠤᠯᠠᠭᠠᠨᠮᠥ᠋ᠴᠢᠷ ᠤᠨ ᠬᠢᠨ ᠴᠠᠭ ᠦᠶ᠎ᠡ ᠶᠢᠨ ᠬᠡᠪ ᠨᠠᠮᠪᠠ ᠲᠠᠢ᠂ ᠤᠯᠠᠨ ᠲᠦᠮᠡᠨ ᠲᠠᠢ ᠤᠯᠠᠮ ᠤᠶᠢᠷᠠᠳᠴᠤ ᠤᠯᠠᠨ ᠲᠦᠮᠡᠨ ᠤ ᠳᠤᠷ᠎ᠠ ᠰᠣᠨᠢᠷᠬᠠᠯ ᠢ ᠲᠠᠲᠠᠭᠰᠠᠨ ᠤᠷᠠᠨ ᠪᠦᠳᠦᠬᠡᠯ ᠢ ᠢᠯᠡᠬᠦᠦ ᠪᠦᠲᠦᠭᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ  ᠤᠬᠠᠭᠤᠯᠤᠨ᠂  ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠶᠢᠨ ᠢᠷᠠᠭᠤ ᠠᠯᠳᠠᠷ ᠢ ᠦᠨᠢ ᠡᠬᠦᠷᠢᠳᠡ ᠡᠷᠬᠦᠵᠦ ᠶᠠᠪᠤᠨ᠎ᠠ︾᠃    ᠲᠠᠶᠢᠹᠤᠰᠧ ᠬᠤᠰᠢᠭᠤᠨ ᠤ ᠤᠯᠠᠭᠠᠨᠮᠥ᠋ᠴᠢᠷ ᠤᠨ ᠲᠤᠭᠯᠠᠭᠴᠢ ᠯᠢᠦᠢ ᠰᠢᠸ ᠵᠢᠤᠸᠠᠨ᠄ ︽ᠥᠨᠥᠳᠥᠷ ᠠᠪᠠᠭ᠎ᠠ ᠬᠤᠰᠢᠭᠤᠨ ᠤ ᠤᠯᠠᠭᠠᠨᠮᠥ᠋ᠴᠢᠷ ᠮᠠᠨ ᠤ ᠬᠤᠰᠢᠭᠤᠨ ᠤ ᠠᠷᠠᠳ ᠢᠷᠭᠡᠳ ᠳᠤ ᠲᠤᠬᠤᠨᠢᠭᠤᠯᠭ᠎ᠠ ᠶᠢᠨ ᠲᠤᠭᠯᠠᠯᠳᠠ ᠭᠠᠷᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠤᠳᠬ᠎ᠠ ᠤᠷᠠᠯᠢᠭ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠨ᠎ᠠ᠃ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠲᠤᠭᠯᠠᠭᠴᠢ ᠪᠣᠯᠤᠭᠰᠠᠨ ᠤ ᠬᠤᠪᠢ ᠳᠤ᠂  ᠬᠤᠶᠢᠰᠢᠳᠠ ᠪᠢᠳᠡ ᠨᠡᠩ ᠤᠯᠠᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ᠂ ᠨᠠᠮ ᠤᠨ ᠲᠠᠭᠤᠨ ᠪᠣᠯᠣᠨ ᠬᠠᠶᠢᠷ᠎ᠠ ᠬᠠᠯᠠᠮᠵᠢ ᠶᠢ ᠦᠨᠳᠦᠰᠦᠨ ᠱᠠᠲᠤᠨ ᠳᠤ ᠬᠦᠷᠭᠡᠵᠦ᠂ ᠪᠠᠶᠠᠷ ᠪᠠᠶᠠᠰᠤᠯ ᠪᠣᠯᠣᠨ ᠪᠣᠯᠪᠠᠰᠤᠨ ᠢ ᠠᠷᠠᠳ ᠤᠯᠠᠨ ᠤ ᠳᠡᠷᠭᠡᠳᠡ ᠬᠦᠷᠭᠡᠬᠦ ᠪᠣᠯᠣᠨ᠎ᠠ︾  ᠃    ᠳᠠᠷᠠᠭᠠᠴᠢ ᠶᠢᠨ ᠠᠯᠬᠤᠮ ᠳᠤ᠂ ᠬᠤᠶᠠᠷ ᠭᠠᠵᠠᠷ ᠤᠨ ᠤᠯᠠᠭᠠᠨᠮᠥ᠋ᠴᠢᠷ ᠤᠨ ᠬᠢᠨ‌ᠠᠷᠠᠳ ᠲᠦᠮᠡᠨ ᠢᠶᠠᠷ ᠭᠤᠣᠯ ᠪᠣᠯᠭᠠᠬᠤ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠮᠠᠯᠴᠢᠨ ᠲᠠᠷᠢᠶᠠᠴᠢᠨ ᠳᠤ  ᠦᠢᠯᠡᠴᠢᠯᠡᠨ᠂  ᠲᠠᠯ᠎ᠠ ᠨᠤᠲᠤᠭ ᠲᠤ ᠦᠨᠳᠦᠰᠦᠯᠡᠵᠦ᠂ ᠤᠯᠠᠨ ᠲᠦᠮᠡᠨ ᠲᠠᠢ ᠤᠶᠢᠷᠠᠳᠤᠨ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ︽ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠬᠡᠵᠢᠬᠦᠯᠦᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠦᠨᠳᠦᠰᠦᠯᠡᠭᠦᠯᠵᠦ᠂ ᠴᠡᠴᠡᠭᠯᠡᠬᠦᠯᠵᠦ  ᠵᠢᠮᠢᠰᠯᠡᠬᠦᠯᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号