ᠲᠡᠷᠭᠡ ᠤᠨᠤᠭᠠᠨ ᠤ ᠬᠠᠮᠢᠶᠠᠷᠤᠯᠳᠠ ᠶᠢ ᠴᠢᠩᠭᠠᠳᠬᠠᠵᠤ  ᠪᠠᠭᠰᠢ ᠰᠤᠷᠤᠭᠴᠢ ᠶᠢᠨ ᠠᠶᠤᠯᠬᠦᠢ ᠶᠢ ᠪᠠᠳᠤᠯᠠᠨ᠎ᠠ
ᠨᠡᠶᠢᠲᠡᠯᠡᠭᠰᠡᠨ ᠴᠠᠭ᠄
2023/3/29
   3 ᠰᠠᠷ᠎ᠠ ᠶᠢᠨ 27 ᠤ ᠡᠳᠦᠷ ᠪᠣᠯ  ︽ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠪᠣᠯᠣᠨ᠎ᠠ᠃ ᠪᠦᠬᠦ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ   ᠠᠮᠤᠷ ᠲᠦᠪᠰᠢᠨ  ᠬᠢᠭᠡᠳ ᠬᠠᠷᠰᠢ ᠰᠠᠭᠠᠳ ᠦᠭᠡᠢ ᠵᠠᠮ ᠨᠡᠪᠳᠡᠷᠡᠯᠭᠡ ᠶᠢ ᠪᠠᠳᠤᠯᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂  ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ︽ᠨᠠᠮ ᠤᠨ ᠪᠠᠶᠢᠭᠤᠯᠤᠯᠲᠠ ᠶᠢ ᠠᠳᠬᠤᠬᠤ ᠂  ᠤᠪᠤᠷ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠱᠤᠭᠤᠬᠤ︾ ᠲᠤᠰᠬᠠᠢ ᠠᠵᠢᠯᠯᠠᠭ᠎ᠠ ᠪᠠᠷ ᠭᠠᠷᠳᠠᠴᠠ ᠪᠤᠯᠭᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ  ᠠᠵᠢᠯᠯᠠᠭ᠎ᠠ ᠥᠷᠨᠢᠭᠦᠯᠪᠡ᠃  ᠭᠤᠣᠯᠳᠠᠯᠭ᠎ᠠ ᠲᠠᠢ ᠴᠠᠭ ᠡᠷᠡᠨ ᠳᠠᠬᠢ ᠲᠡᠷᠭᠡ ᠣᠯᠠᠨ ᠵᠠᠮ ᠢᠪᠴᠤᠤ  ᠪᠠᠶᠢᠳᠠᠯ ᠳᠤ ᠴᠢᠭᠯᠡᠬᠦᠯᠵᠦ᠂  ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ︽ᠬᠥᠮᠥᠨ ᠢ ᠲᠣᠭᠲᠠᠭᠠᠬᠤ᠂ ᠠᠵᠢᠯ ᠤᠨ ᠪᠠᠶᠢᠷᠢ ᠶᠢ ᠲᠣᠭᠲᠠᠭᠠᠬᠤ᠂ ᠴᠠᠭ   ᠢ ᠲᠣᠭᠲᠠᠭᠠᠬᠤ᠂ ᠪᠠᠶᠢᠷᠢ ᠶᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠴᠠᠭ ᠡᠷᠡᠨ ᠭᠤᠤᠯᠳᠠᠯᠭ᠎ᠠ ᠲᠠᠢ ᠵᠠᠮ ᠱᠤᠭᠤᠮ ᠳᠤ ᠴᠠᠭᠳᠠᠭᠠᠨ ᠤ ᠬᠦᠴᠦᠨ ᠪᠠᠶᠢᠷᠢᠯᠠᠭᠤᠯᠵᠤ᠂ ᠲᠤᠰᠴᠤ ᠬᠦᠷᠭᠡᠬᠦ ᠲᠡᠷᠭᠡ ᠤᠨᠤᠭ᠎ᠠ ᠳᠤ ᠵᠠᠮᠴᠢᠯᠠᠨ᠂ ᠳᠤᠷ᠎ᠠ ᠪᠠᠷ ᠢᠶᠠᠨ ᠵᠣᠭᠰᠣᠭᠰᠠᠨ ᠲᠡᠷᠭᠡ  ᠤᠨᠤᠭ᠎ᠠ ᠶᠢ ᠢᠳᠬᠠᠨ ᠶᠠᠪᠤᠭᠤᠯᠬᠤ ᠪᠤᠶᠤ ᠪᠠᠶᠢᠴᠠᠭᠠᠨ ᠰᠢᠢᠳᠪᠦᠷᠢᠯᠡᠵᠦ᠂   ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠠᠬᠢ ᠵᠠᠮ ᠬᠠᠷᠢᠯᠴᠠᠭᠠᠨ ᠤ ᠡᠮᠬᠢ ᠳᠢᠭᠯᠢᠮ ᠲᠠᠢ ᠰᠠᠶᠢᠨ ᠰᠠᠶᠢᠬᠠᠨ ᠪᠠᠶᠢᠳᠠᠯ ᠢ ᠪᠥᠬᠦ ᠬᠦᠴᠦᠨ ᠢᠶᠠᠷ ᠪᠣᠶ ᠪᠣᠯᠭᠠᠪᠠ᠃ ᠲᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠪᠦᠬᠦ ᠬᠤᠰᠢᠭᠤᠨ ᠤ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠡᠯ᠎ᠡ ᠵᠦᠢᠯ ᠤᠨ ᠠᠮᠤᠷ ᠢ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠦᠷᠭᠦᠯᠵᠢᠯᠡᠨ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠠ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ  ᠬᠢᠷᠢ ᠴᠢᠳᠠᠪᠤᠷᠢ ᠪᠠᠨ ᠤᠯᠠᠮ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠠᠬᠢᠨ ᠬᠠᠮᠠᠭᠠᠯᠠᠭᠴᠢ  ᠪᠤᠯᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号