ᠬᠠᠩᠰᠢ ᠶᠢᠨ ᠬᠤᠭᠤᠴᠠᠭᠠᠨ ᠳᠤ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠤᠬᠠᠢ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/3/29
ᠥᠷᠭᠡᠨ ᠤᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠲᠤ᠄       ᠬᠠᠩᠰᠢ ᠶᠢᠨ ᠡᠳᠦᠷ ᠪᠤᠯᠬᠤᠶ᠎ᠠ ᠣᠶ ᠰᠢᠭᠤᠢ ᠨᠤᠲᠤᠭ ᠪᠡᠯᠴᠢᠭᠡᠷ ᠲᠤ ᠭᠠᠯ ᠤᠨ ᠭᠠᠮᠰᠢᠭ ᠭᠠᠷᠬᠤ ᠭᠡᠳ ᠯᠠ ᠪᠠᠶᠢᠳᠠᠭ  ᠃  ︽ᠤᠴᠢ ᠦᠰᠦᠷᠦᠭᠡᠳ ᠠᠭᠤᠯᠠ ᠶᠢ ᠰᠢᠳᠠᠭᠠᠨ᠎ᠠ︾  ᠭᠡᠳᠡᠭ ᠢᠶᠠᠷ᠂ ᠨᠢᠭᠡᠨ ᠴᠠᠭ ᠤᠨ ᠤᠰᠤᠯ  ᠠᠴᠠ  ᠪᠤᠯᠵᠤ ᠲᠦᠮᠡᠨ ᠮᠦ ᠣᠶ ᠪᠡᠯᠴᠢᠭᠡᠷ ᠰᠦᠢᠳᠴᠦ ᠮᠡᠳᠡᠨ᠎ᠡ᠃  ᠡᠶᠢᠨᠬᠦ᠂ ᠪᠣᠯᠪᠠᠰᠤᠨ ᠰᠢᠨ᠎ᠡ ᠰᠤᠷᠲᠠᠯ ᠢ  ᠲᠡᠯᠭᠡᠷᠡᠬᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠴᠢᠩᠭ᠎ᠠ ᠰᠡᠷᠭᠡᠶᠢᠯᠡᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ  ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠠᠴᠠ ᠪᠥᠬᠦ ᠬᠤᠰᠢᠭᠤᠨ ᠤ ᠠᠷᠠᠳ ᠲᠦᠮᠡᠨ ᠳᠤ ᠡᠨᠡᠬᠦ ᠰᠠᠨᠠᠭᠠᠴᠢᠯᠠᠭ᠎ᠠ ᠶᠢ ᠭᠠᠷᠭᠠᠯ᠎ᠠ᠄      ᠨᠢᠭᠡ᠂ ᠪᠣᠯᠪᠠᠰᠤᠨ ᠳᠠᠬᠢᠯᠭ᠎ᠠ ᠶᠢᠨ ᠦᠢᠯᠡᠳᠦᠯᠭᠡᠵᠢᠭᠦᠯᠦᠭᠴᠢ ᠪᠤᠯᠵᠠᠭᠠᠶ᠎ᠠ᠃ ︽ᠲᠦᠷᠦᠯ ᠰᠠᠳᠤᠨ ᠢᠶᠠᠨ ᠰᠠᠨᠠᠭᠠᠯᠵᠠᠬᠤ ᠳᠤ ᠫᠤᠤᠵᠢᠩ ᠲᠠᠷᠢ ᠭᠡᠷᠡᠭᠯᠡᠭᠡᠳ ᠶᠠᠭᠠᠬᠢᠮᠤᠢ᠂ ᠪᠣᠯᠪᠠᠰᠤᠨ ᠰᠠᠶᠢᠬᠠᠨ ᠢᠶᠠᠷ ᠲᠠᠬᠢᠵᠤ ᠰᠠᠨᠠᠭ᠎ᠠ ᠰᠡᠳᠬᠢᠯ  ᠢᠶᠠᠨ  ᠢᠯᠡᠷᠭᠡᠶᠢᠯᠡᠬᠦ ᠨᠢ ᠴᠢᠬᠤᠯᠠ ᠪᠤᠶᠤ︾᠃ ᠤᠯᠠᠨ ᠢᠶᠠᠷ ᠢᠶᠠᠨ ᠪᠣᠯᠪᠠᠰᠤᠨ ᠪᠤᠰᠤ ᠲᠠᠬᠢᠯᠭ᠎ᠠ ᠶᠢᠨ ᠠᠷᠭ᠎ᠠ ᠶᠢ ᠤᠬᠠᠮᠰᠠᠷ ᠠᠴᠠ ᠪᠠᠨ ᠲᠠᠶᠠᠭᠳᠠᠵᠤ  ᠰᠣᠷᠭᠤᠭ ᠴᠡᠴᠡᠭ ᠬᠦᠷᠭᠡᠬᠦ᠂ ᠭᠡᠷ ᠠᠴᠠ ᠪᠠᠨ ᠲᠠᠬᠢᠬᠤ᠂ ᠰᠦᠯᠵᠢᠶ᠎ᠡ ᠪᠠᠷ ᠳᠠᠬᠢᠬᠤ  ᠮᠡᠳᠦ ᠶᠢᠨ ᠠᠷᠭ᠎ᠠ ᠬᠡᠯᠪᠡᠷᠢ ᠪᠠᠷ ᠠᠬᠠᠮᠠᠳ ᠦᠶ᠎ᠡ ᠶᠢᠨ ᠬᠢᠨ ᠢᠶᠠᠨ ᠳᠤᠷᠠᠰᠤᠨ ᠰᠠᠨᠠᠭᠠᠯᠵᠠᠵᠤ᠂  ᠰᠡᠳᠬᠢᠯ ᠬᠦᠰᠡᠯ ᠢᠶᠠᠨ ᠨᠡᠩ ᠡᠷᠡᠭᠦᠯ ᠪᠤᠯᠪᠠᠰᠤᠨ᠂ ᠠᠮᠤᠷ ᠲᠦᠪᠰᠢᠨ᠂ ᠵᠦᠪ ᠰᠠᠶᠢᠬᠠᠨ ᠠᠷᠭ᠎ᠠ ᠬᠡᠯᠪᠡᠷᠢ ᠪᠠᠷ ᠢᠯᠡᠳᠬᠡᠵᠦ᠂ ᠪᠣᠯᠪᠠᠰᠤᠨ ᠲᠠᠬᠢᠯᠭ᠎ᠠ ᠶᠢᠨ ᠰᠢᠨ᠎ᠡ ᠬᠡᠪ ᠰᠤᠷᠲᠠᠯ ᠲᠠᠢ ᠪᠤᠯᠵᠠᠭᠠᠬᠤ ᠶᠢ ᠤᠷᠢᠶᠠᠯᠠᠵᠤ ᠪᠠᠶᠢᠨ᠎ᠠ᠃      ᠬᠤᠶᠠᠷ᠂  ᠭᠠᠩᠭᠠᠩ ᠪᠠᠶᠢᠭᠠᠯᠢ ᠶᠢᠨ ᠢᠶᠠᠨ ᠬᠠᠮᠠᠭᠠᠯᠠᠭᠴᠢ ᠪᠤᠯᠵᠠᠭᠠᠶ᠎ᠠ᠃ ︽ ᠭᠠᠯ ᠲᠦᠢᠮᠡᠷ ᠢ ᠰᠡᠷᠭᠡᠶᠢᠯᠡᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ ᠪᠠᠶᠢᠬᠤ︾ ᠦᠵᠡᠯ ᠤᠬᠠᠮᠰᠠᠷ ᠢ ᠪᠣᠶ ᠪᠣᠯᠭᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ ᠲᠣᠭᠲᠠᠭᠠᠯ ᠢ ᠴᠢᠩᠭ᠎ᠠ ᠵᠢᠷᠤᠮᠯᠠᠨ᠂ ᠭᠠᠯ ᠤᠨ ᠵᠦᠢᠯ ᠪᠠ  ᠨᠤᠴᠤᠴᠤ ᠲᠡᠯᠪᠡᠷᠡᠬᠦ ᠡᠳ᠋ ᠪᠣᠳᠠᠰ ᠢ ᠤᠢ ᠰᠢᠭᠤᠢ ᠨᠤᠳᠤᠭ ᠪᠡᠯᠴᠢᠭᠡᠷ ᠲᠤ ᠠᠪᠴᠤ ᠤᠷᠤᠬᠤ   ᠶᠢ ᠴᠡᠭᠡᠷᠯᠡᠵᠦ᠂ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠬᠦᠵᠢ  ᠵᠤᠯᠠ ᠠᠰᠠᠭᠠᠬᠤ᠂ ᠴᠠᠭᠠᠰᠤ ᠰᠢᠲᠠᠭᠠᠬᠤ᠂  ᠲᠤᠭᠤᠭᠠᠯᠠᠵᠤ ᠪᠤᠳᠠᠭᠠᠯᠠᠬᠤ  ᠂  ᠫᠤᠤᠵᠢᠩ ᠲᠠᠯᠪᠢᠬᠤ ᠶᠢ ᠡᠷᠡᠰ ᠴᠠᠭᠠᠵᠠᠯᠠᠶ᠎ᠠ᠃      ᠭᠤᠷᠪᠠ᠂ ᠭᠠᠯ ᠰᠡᠷᠭᠡᠶᠢᠯᠡᠯᠳᠡ ᠶᠢᠨ ᠤᠬᠠᠭᠤᠯᠤᠭᠴᠢ ᠪᠤᠯᠵᠠᠭᠠᠶ᠎ᠠ᠃ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠠᠵᠢᠯᠲᠠᠨ᠂ ᠬᠤᠲᠠ ᠬᠥᠳᠡᠭᠡ   ᠶᠢᠨ ᠰᠠᠭᠤᠭᠠᠯᠢ ᠠᠷᠠᠳ  ᠤᠬᠠᠮᠰᠠᠷ ᠠᠴᠠ ᠪᠠᠨ ᠣᠶ ᠰᠢᠭᠤᠢ ᠨᠤᠲᠤᠭ ᠪᠡᠯᠴᠢᠭᠡᠷ ᠤᠨ ᠭᠠᠯ  ᠰᠡᠷᠭᠡᠶᠢᠯᠡᠬᠦ ᠤᠬᠠᠭᠤᠯᠤᠭᠴᠢ ᠪᠣᠯᠵᠤ᠂ ᠭᠡᠷ ᠤᠨ ᠬᠥᠮᠥᠰ᠂ ᠨᠠᠶᠢᠵᠠ ᠨᠥᠬᠦᠳ᠂ ᠦᠨᠳᠦᠰᠦᠨ ᠱᠠᠲᠤᠨ ᠤ ᠣᠯᠠᠨ ᠲᠦᠮᠡᠨ ᠳᠤ ᠣᠶ ᠰᠢᠭᠤᠢ ᠨᠤᠲᠤᠭ ᠪᠡᠯᠴᠢᠭᠡᠷ ᠢ ᠬᠠᠮᠠᠭᠠᠯᠠᠬᠤ ᠶᠢᠨ ᠴᠢᠬᠤᠯᠠ ᠴᠢᠨᠠᠷ᠂ ᠭᠠᠯ  ᠲᠦᠢᠮᠡᠷ ᠤᠨ ᠠᠶᠤᠯ ᠬᠥᠨᠥᠭᠡᠯᠳᠦ ᠴᠢᠨᠠᠷ ᠵᠢᠴᠢ ᠰᠢᠨᠵᠢᠯᠡᠬᠦ ᠤᠬᠠᠭᠠᠨᠴᠢ ᠪᠠᠷ ᠭᠠᠯ  ᠰᠡᠷᠭᠡᠶᠢᠯᠡᠵᠦ ᠭᠠᠯ ᠤᠨᠲᠠᠷᠠᠭᠠᠬᠤ ᠮᠡᠳᠡᠯᠭᠡ ᠶᠢ ᠢᠳᠡᠪᠬᠢᠲᠡᠢ  ᠤᠬᠠᠭᠤᠯᠤᠨ᠂  ᠣᠨᠴᠣᠭᠤᠢ ᠬᠦᠮᠦᠰ ᠪᠤᠶᠤ ᠬᠡᠦᠭᠡᠳ ᠪᠠᠭᠠᠴᠤᠳ ᠢ ᠬᠦᠮᠦᠵᠢᠬᠦᠯᠦᠨ ᠵᠢᠯᠤᠭᠤᠳᠬᠤ ᠪᠠ ᠬᠢᠨᠠᠨ ᠬᠠᠮᠢᠶᠠᠷᠬᠤ ᠶᠢ ᠴᠢᠩᠭᠠᠳᠬᠠᠵᠤ᠂ ︽ ᠲᠠᠬᠢᠯᠭ᠎ᠠ ᠶᠢ ᠪᠣᠯᠪᠠᠰᠤᠨ ᠢᠶᠠᠷ ᠬᠢᠬᠦ᠂  ᠭᠠᠯ ᠢ ᠬᠥᠮᠥᠨ ᠪᠥᠬᠦᠨ ᠰᠡᠷᠭᠡᠶᠢᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠠᠭᠠᠶ᠎ᠠ᠃        ᠭᠡᠷᠪᠡ ᠲᠠ ᠭᠠᠯ ᠤᠨ ᠠᠶᠤᠯ ᠢ ᠣᠯᠵᠤ ᠮᠡᠳᠡᠪᠡᠯ ᠲᠠᠷᠤᠢ ᠲᠦᠷᠭᠡᠨ 12119 ᠤᠲᠠᠰᠤ ᠲᠠᠢ ᠬᠤᠯᠪᠤᠭᠳᠠᠵᠤ ᠮᠡᠳᠡᠬᠦᠯᠦᠭᠡᠷᠡᠢ᠃         ᠡᠴᠦᠰ ᠲᠤᠨᠢ᠂ ᠬᠦᠮᠦᠨ ᠪᠦᠬᠦᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠢ ᠢᠳᠡᠪᠬᠢᠲᠡᠢ ᠳᠡᠮᠵᠢᠵᠦ᠂  ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠳᠤ ᠢᠳᠡᠪᠬᠢᠳᠡᠢ ᠤᠷᠤᠯᠴᠠᠵᠤ᠂  ᠦᠵᠡᠰᠬᠦᠯᠡᠩᠳᠦ ᠰᠠᠶᠢᠬᠠᠨ ᠠᠮᠤᠷ ᠠᠮᠤᠭᠤᠯᠠᠩ ᠲᠠᠶᠢᠹᠤᠰᠧ ᠬᠤᠰᠢᠭᠤ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠬᠦ ᠶᠢ ᠲᠠᠬᠢᠨᠳᠠ ᠤᠷᠢᠶᠠᠯᠠᠵᠤ ᠪᠠᠶᠢᠨᠠᠮ︕                                                                    ᠲᠠᠶᠢᠹᠤᠰᠧ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ               ᠭᠠᠯ  ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ                                                                                           2023 ᠣᠨ ᠤ 3 ᠰᠠᠷ᠎ᠠ ᠶᠢᠨ 28 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号