ᠭᠦᠸᠧ ᡁᠢ ᠴᠢᠶᠠᠩ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/3/3
   3 ᠰᠠᠷ᠎ᠠ ᠶᠢᠨ 1 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ ᡁᠢ ᠴᠢᠶᠠᠩ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠪᠥᠬᠦ ᠬᠤᠰᠢᠭᠤᠨ ᠤ ᠡᠯ᠎ᠡ ᠪᠠᠶᠢᠴᠠᠭᠠᠬᠤ ᠥᠷᠲᠡᠭᠡ᠂ ᠵᠠᠮ ᠬᠠᠷᠢᠯᠴᠠᠭᠠᠨ ᠤ ᠪᠣᠭᠤᠮᠲᠠ ᠳᠤ ᠭᠦᠨᠵᠡᠭᠡᠶᠢᠷᠡᠨ᠂  ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠠᠢ  ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠳ᠋ᠦ᠋ ᠸᠧᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠢᠶᠣᠣ ᠯᠢ ᠶᠢᠩᠽᠢ ᠪᠠᠶᠢᠴᠠᠭᠠᠬᠤ ᠦᠷᠳᠡᠭᠡ᠂  ᠰᠠᠨ ᠬᠤᠤ ᠳ᠋ᠢ   ᠪᠠᠶᠢᠴᠠᠭᠠᠬᠤ ᠦᠷᠳᠡᠭᠡ ᠵᠢᠴᠢ ᠲᠦᠷ ᠴᠠᠭ ᠤᠨ ᠵᠠᠮ ᠬᠠᠷᠢᠯᠴᠠᠭᠠᠨ ᠤ ᠪᠣᠭᠤᠮᠲᠠ ᠳᠤ ᠬᠦᠷᠴᠦ᠂  ᠲᠡᠷᠭᠡ ᠤᠨᠤᠭᠠᠨ ᠤ ᠨᠡᠪᠳᠡᠷᠡᠯᠭᠡ᠂  ᠵᠢᠵᠢᠬᠦᠷ ᠤᠨ ᠠᠵᠢᠯ᠂ ᠠᠷᠤ ᠲᠠᠯ᠎ᠠ ᠶᠢᠨ ᠪᠠᠳᠤᠯᠠᠭ᠎ᠠ ᠵᠡᠷᠭᠡ ᠪᠠᠶᠢᠳᠠᠯ ᠢ ᠪᠦᠬᠦ ᠲᠠᠯ᠎ᠠ ᠪᠠᠷ  ᠤᠶᠢᠯᠠᠭᠠᠭᠰᠠᠨ ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ  ᠠᠴᠠ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠤᠯᠤᠰ ᠲᠥᠷᠥ   ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠣᠳᠣᠬᠠᠨ ᠤ ᠪᠠ ᠬᠤᠶᠢᠰᠢᠳᠠ   ᠶᠢᠨ ᠨᠢᠭᠡ ᠬᠤᠭᠤᠴᠠᠭᠠᠨ ᠤ ᠠᠮᠤᠷ ᠲᠤᠭᠳᠠᠭᠤᠨ ᠤ ᠠᠵᠢᠯ   ᠢ ᠰᠠᠶᠢᠲᠤᠷ ᠬᠢᠬᠦ   ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠯ᠎ᠡ ᠲᠦᠷᠦᠯ ᠤᠨ ᠠᠮᠤᠷ ᠢ ᠬᠠᠮᠠᠭᠠᠯᠠᠬᠤ ᠠᠵᠢᠯ ᠢ ᠴᠢᠩᠭ᠎ᠠ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃  ᠠᠵᠢᠯ ᠡᠭᠦᠷᠭᠡ ᠭᠦᠢᠴᠡᠳᠬᠡᠬᠦ ᠶᠢ ᠴᠢᠩᠭ᠎ᠠ  ᠲᠦᠷᠢᠮᠵᠢᠬᠦᠯᠦᠨ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠠᠮᠤᠷ ᠢ ᠬᠠᠮᠠᠭᠠᠯᠠᠬᠤ ᠦᠢᠯᠡᠴᠢᠯᠡᠭᠡᠨ ᠤ ᠠᠵᠢᠯ ᠢ ᠪᠦᠬᠦ ᠬᠦᠴᠦᠨ ᠢᠶᠠᠷ  ᠰᠠᠶᠢᠨ ᠬᠢᠵᠦ᠂  ᠭᠡᠮ ᠰᠣᠭᠤᠭ ᠢ ᠴᠠᠭ ᠲᠤᠬᠠᠢ  ᠳᠤᠨᠢ ᠢᠯᠡᠷᠡᠭᠦᠯᠦᠨ᠂ ᠠᠮᠤᠷ  ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠡᠭᠦᠳᠬᠦ ᠬᠡᠷᠡᠭᠲᠡᠢ ᠬᠡᠵᠦ ᠴᠢᠬᠤᠯᠠᠴᠢᠯᠠᠪᠠ᠃ ᠠᠶᠢᠮᠠᠭ ᠤᠨ ᠬᠢᠨᠠᠨ ᠵᠢᠯᠤᠭᠤᠳᠬᠤ ᠳᠤᠭᠤᠶᠢᠯᠠᠩ ᠤᠨ  ᠭᠡᠰᠢᠬᠦᠳ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号