ᠥᠪᠥᠷ ᠮᠣᠩᠭᠤᠯ ᠤᠨ ᠠᠯᠠᠱᠠ ᠵᠡᠭᠦᠨ ᠬᠤᠰᠢᠭᠤᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠬᠦᠨᠳᠦ | ᠠᠳᠡᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠪᠠ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠨᠡᠨ ᠬᠦ ᠲᠤᠤᠱᠯᠠᠭᠤᠯᠵᠤ᠂ | ᠪᠥᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠳᠠᠰᠤᠳᠤ ᠬᠤᠷᠠᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ ᠤᠯᠤᠰ ᠤᠨ ︽ᠬᠤᠶᠠᠷ ᠬᠤᠷᠠᠯ︾ ᠤᠨ | ᠬᠤᠭᠤᠴᠠᠭᠠᠨ ᠳᠠᠬᠢ ᠠᠮᠤᠷ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠰᠢᠭᠤᠨ ᠤ ᠣᠶ | ᠰᠢᠭᠤᠢ ᠨᠤᠳᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠥᠷᠲᠡᠭᠡ ᠨᠢ ᠬᠤᠰᠢᠭᠤᠨ ᠤ ᠴᠠᠬᠢᠯᠭᠠᠨ | ᠬᠠᠩᠭᠠᠬᠤ ᠬᠤᠪᠢᠶᠠᠷᠢ ᠺᠣᠮᠫᠠᠨᠢ ᠲᠠᠢ ᠬᠠᠮᠳᠤᠷᠠᠵᠤ᠂ ᠪᠥᠬᠦ ᠬᠤᠰᠢᠭᠤᠨ ᠤ ᠣᠶ ᠰᠢᠭᠤᠢ ᠪᠠ ᠮᠠᠯᠵᠢᠬᠤ ᠣᠷᠣᠨ ᠤ | ᠴᠠᠬᠢᠯᠭᠠᠨ ᠳᠠᠮᠵᠢᠭᠤᠯᠵᠤ ᠲᠦᠭᠡᠭᠡᠬᠦ ᠲᠥᠬᠦᠭᠡᠷᠦᠮᠵᠢ ᠶᠢᠨ ᠭᠠᠯ ᠤᠨ ᠭᠠᠮᠰᠢᠭ ᠤᠨ ᠳᠠᠯᠳᠠ ᠬᠡᠮ ᠳᠤ ᠪᠥᠬᠦ | ᠲᠠᠯ᠎ᠠ ᠶᠢᠨ ᠲᠤᠰᠬᠠᠢ ᠪᠠᠶᠢᠴᠠᠭᠠᠯᠲᠠ ᠬᠢᠵᠡᠢ᠃ ᠡᠶᠢᠨ ᠬᠦ᠋᠂ 2 ᠰᠠᠷ᠎ᠠ ᠶᠢᠨ 24 ᠤ ᠡᠳᠦᠷ ᠠᠴᠠ ᠨᠠᠰᠢ ᠴᠠᠬᠢᠯᠭᠠᠨ | ᠳᠠᠮᠵᠢᠭᠤᠯᠵᠤ ᠲᠦᠭᠡᠭᠡᠬᠦ 32 ᠲᠥᠬᠦᠭᠡᠷᠦᠮᠵᠢ ᠶᠢ ᠪᠠᠶᠢᠴᠠᠭᠠᠵᠤ᠂ ᠭᠠᠯ ᠤᠨ ᠭᠠᠮᠰᠢᠭ ᠤᠨ ᠳᠠᠯᠳᠠ ᠬᠡᠮ 3 ᠶᠢ | ᠢᠯᠡᠷᠡᠬᠦᠯᠦᠭᠡᠳ᠂ ᠢᠯᠡᠷᠡᠭᠰᠡᠨ ᠠᠰᠠᠭᠤᠳᠠᠯ ᠢ ᠴᠠᠬᠢᠯᠭᠠᠨ ᠬᠠᠩᠭᠠᠬᠤ ᠰᠠᠯᠠᠭ᠎ᠠ ᠮᠥᠴᠢᠷ ᠲᠠᠢ ᠬᠠᠮᠲᠤᠷᠠᠨ ᠪᠥᠬᠦ | ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ ᠪᠤᠢ᠃ ᠲᠠᠷᠠᠭᠠᠴᠢ ᠶᠢᠨ ᠠᠯᠬᠤᠮ ᠳᠤ ᠪᠠᠶᠢᠴᠠᠭᠠᠬᠤ ᠳᠤᠭᠤᠶᠢᠯᠠᠩ ᠤᠨ | ᠬᠢᠨ ᠴᠠᠬᠢᠯᠭᠠᠨ ᠲᠦᠭᠡᠭᠡᠬᠦ ᠲᠥᠬᠦᠭᠡᠷᠦᠮᠵᠢ ᠳᠤ ᠦᠷᠭᠦᠯᠵᠢᠯᠡᠨ ᠪᠥᠬᠦ ᠲᠠᠯ᠎ᠠ ᠶᠢᠨ ᠲᠤᠶᠢᠯᠪᠤᠷᠢᠲᠠᠢ ᠪᠠᠶᠢᠴᠠᠭᠠᠯᠲᠠ | ᠬᠢᠵᠦ᠂ ᠭᠠᠯ ᠤᠨ ᠠᠶᠤᠯ ᠤᠨ ᠳᠠᠯᠳᠠ ᠬᠡᠮ ᠢ ᠡᠷᠲᠡ ᠮᠡᠳᠡᠬᠦ᠂ ᠡᠷᠲᠡ ᠰᠡᠷᠭᠡᠶᠢᠯᠡᠬᠦ᠂ ᠡᠷᠲᠡ ᠰᠢᠢᠳᠪᠦᠷᠢᠯᠡᠬᠦ ᠶᠢ | ᠦᠨᠡᠨ ᠬᠦ ᠪᠠᠳᠤᠯᠠᠬᠤ ᠪᠠᠷ ᠪᠠᠶᠢᠨ᠎ᠠ᠃ |