ᠲᠠᠶᠢᠹᠤᠰᠧ ᠬᠤᠰᠢᠭᠤ ᠬᠤᠲᠠ ᠬᠥᠳᠡᠭᠡ ᠶᠢᠨ ᠰᠠᠭᠤᠷᠢ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠪᠠ
ᠨᠡᠶᠢᠲᠡᠯᠡᠭᠰᠡᠨ ᠴᠠᠭ᠄
2023/3/3
   2022 ᠤᠨ ᠳᠤ᠂ ᠲᠠᠶᠢᠹᠤᠰᠧ ᠬᠤᠰᠢᠭᠤ  1.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 4.1 ᠺᠢᠯᠤᠮᠧᠲᠷ ᠬᠤᠳᠠ ᠶᠢᠨ ᠵᠠᠮ ᠢ ᠰᠢᠨ᠎ᠡ ᠪᠠᠷ ᠪᠠᠶᠢᠭᠤᠯᠤᠨ᠂ 1. 5 ᠲᠦᠮᠡᠨ ᠬᠠᠪᠳᠠᠭᠠᠢ ᠳᠥᠷᠪᠡᠯᠵᠢᠨ ᠮᠧᠲᠷ ᠵᠡᠭᠡᠯᠢ ᠭᠤᠳᠤᠮᠵᠢ ᠶᠢ ᠳᠡᠪᠢᠰᠦᠨ ᠬᠠᠲᠠᠭᠤᠷᠠᠭᠤᠯᠵᠤ᠂ ᠨᠣᠭᠤᠭᠠᠷᠠᠭᠤᠯᠤᠯᠲᠠ ᠶᠢᠨ ᠲᠠᠯᠠᠪᠠᠢ ᠶᠢ 8.8 ᠲᠦᠮᠡᠨ ᠬᠠᠪᠳᠠᠭᠠᠢ ᠳᠥᠷᠪᠡᠯᠵᠢᠨ ᠮᠧᠲᠷ  ᠨᠡᠮᠡᠭᠳᠡᠭᠦᠯᠦᠨ᠂  ᠵᠡᠭᠡᠯᠢ ᠶᠢᠨ ᠳ᠋ᠧᠩ 180 ᠶᠢ ᠤᠭᠰᠠᠷᠠᠭᠰᠠᠨ ᠤ ᠬᠠᠮᠳᠤ᠂ ᠤᠰᠤ ᠬᠠᠩᠭᠠᠬᠤ ᠢᠯᠴᠢ ᠬᠠᠩᠭᠠᠬᠤ ᠪᠠ ᠪᠣᠷᠣᠭᠠᠨ ᠤ ᠤᠰᠤ  ᠪᠤᠬᠢᠷ ᠤᠰᠤ ᠶᠢ  ᠰᠠᠯᠭᠠᠨ ᠤᠷᠤᠰᠬᠠᠬᠤ  ᠲᠦᠬᠦᠭᠡᠷᠦᠮᠵᠢ ᠶᠢᠨ  ᠦᠬᠡᠷᠡᠴᠢᠯᠡᠯᠳᠡ ᠶᠢ ᠬᠢᠵᠦ᠂  ᠤᠰᠤ ᠬᠠᠩᠭᠠᠬᠤ ᠬᠤᠭᠤᠯᠠᠢ 11 ᠺᠢᠯᠣᠮᠧᠲᠷ᠂ ᠢᠯᠴᠢ ᠬᠠᠩᠭᠠᠬᠤ ᠬᠤᠭᠤᠯᠠᠢ  13 ᠺᠢᠯᠣᠮᠧᠲᠷ᠂ ᠪᠣᠷᠣᠭᠠᠨ ᠤ ᠤᠰᠤᠨ ᠤ ᠬᠤᠭᠤᠯᠠᠢ 7.9 ᠺᠢᠯᠣᠮᠧᠲᠷ᠂ ᠪᠣᠬᠢᠷ ᠤᠰᠤᠨ ᠤ ᠬᠤᠭᠤᠯᠠᠢ  6.9 ᠺᠢᠯᠣᠮᠧᠲᠷ  ᠲᠡᠪᠢᠰᠦᠭᠡᠳ᠂  ᠪᠤᠤᠴᠠᠩ ᠭᠤᠣᠯ ᠤᠨ ᠪᠠᠷᠠᠭᠤᠨ ᠭᠤᠯᠳᠤᠩ ᠤᠨ ᠲᠡᠷᠭᠡᠨ ᠵᠣᠭᠰᠣᠭᠠᠯ᠂  ᠲᠡᠷᠭᠡᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠢ᠂ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠢᠨᠵᠧᠨᠧᠷᠢᠩ  ᠵᠡᠷᠭᠡ ᠶᠢ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠲᠠᠭᠤᠰᠬᠠᠪᠠ᠃  ᠡᠬᠦᠨ  ᠤ ᠬᠠᠮᠳᠤ᠂ ᠲᠠᠷᠢᠶᠠᠯᠠᠩ ᠤᠨ ᠠᠷᠠᠯᠵᠢᠶᠠᠨ ᠤ ᠶᠡᠷᠦᠩᠬᠡᠶᠢᠯᠡᠭᠰᠡᠨ ᠲᠣᠮᠣ ᠵᠠᠬ᠎ᠠ   ᠶᠢ ᠡᠬᠢᠯᠡᠨ ᠪᠠᠶᠢᠭᠤᠯᠵᠤ᠂  ᠯᠦᠸᠧ ᠲᠦᠸᠧ ᠱᠠᠨ ᠮᠤᠬᠤᠷ ᠵᠠᠮ ᠢ ᠨᠡᠪᠳᠡᠷᠡᠬᠦᠯᠦᠨ᠂   ᠼᠠᠢ ᠶᠤᠸᠠᠨ ᠲᠣᠰᠬᠤᠨ ᠤ ᠨᠤᠷᠠᠭᠠᠵᠤ ᠨᠡᠭᠦᠯᠭᠡᠬᠦ ᠠᠵᠢᠯ ᠢ ᠤᠷᠤᠭᠰᠢᠲᠠᠢ ᠠᠬᠢᠭᠤᠯᠵᠤ᠂  ᠶᠠᠩ ᠭᠤᠸᠠᠩ ᠲᠠᠪᠤᠳᠤᠭᠠᠷ ᠬᠤᠭᠤᠴᠠᠭᠠᠨ ᠤ ᠰᠠᠭᠤᠭᠠᠯᠢ ᠲᠤᠭᠤᠷᠢᠭ ᠤᠨ ᠪᠠᠶᠢᠭᠤᠯᠤᠯᠳᠠ ᠶᠢ ᠡᠬᠢᠯᠡᠬᠦᠯᠦᠭᠰᠡᠨ ᠪᠦᠭᠡᠳ 10 ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠵᠠᠰᠠᠬᠤ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠲᠠᠭᠤᠰᠬᠠᠵᠤ᠂ ︽304︾ ᠮᠤᠵᠢ ᠶᠢᠨ ᠵᠠᠮ ᠤᠨ ᠪᠦᠦ ᠹᠧᠩ ᠱᠤᠭᠤᠮ᠂ ᠰᠢ ᠵᠦᠩ ᠱᠤᠭᠤᠮ  ᠲᠡᠷᠭᠡ  ᠨᠡᠪᠳᠡᠷᠡᠵᠡᠢ᠃ ᠬᠤᠰᠢᠭᠤ ᠲᠤᠭᠤᠷᠢᠭ ᠲᠤ  3 ᠵᠤᠷᠪᠤᠰ ᠨᠡᠶᠢᠲᠡ ᠶᠢᠨ ᠮᠠᠰᠢᠨ ᠤ ᠱᠤᠭᠤᠮ ᠢ ᠰᠢᠨ᠎ᠡ ᠪᠠᠷ ᠨᠡᠪᠳᠡᠷᠡᠬᠦᠯᠦᠨ᠂ 5 ᠰᠠᠤᠷᠢ ᠰᠢᠨ᠎ᠡ ᠡᠨᠧᠷᠭᠢ ᠶᠢᠨ ᠮᠠᠰᠢᠨ ᠨᠡᠮᠡᠵᠦ᠂  ᠬᠤᠳᠠ ᠪᠠᠯᠭᠠᠰᠤᠨ ᠤ ᠨᠡᠶᠢᠲᠡ ᠶᠢᠨ ᠮᠠᠰᠢᠨ ᠤ ᠪᠠᠲᠤᠯᠠᠭ᠎ᠠ ᠶᠢ ᠨᠦᠬᠦᠪᠦᠷᠢᠯᠡᠭᠰᠡᠨ ᠪᠦᠭᠡᠳ ︽ᠳᠥᠷᠪᠡᠨ ᠰᠠᠶᠢᠨᠲᠠᠢ ᠬᠥᠳᠡᠭᠡ  ᠶᠢᠨ ᠵᠠᠮ︾ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂  ᠠᠶᠢᠯ ᠬᠤᠳᠠᠨ ᠤ ᠬᠤᠭᠤᠷᠤᠨᠳᠤᠬᠢ  17.4 ᠺᠢᠯᠣᠮᠧᠲᠷ ᠵᠠᠮ ᠢ  ᠪᠠᠶᠢᠭᠤᠯᠵᠤ ᠡᠬᠢᠯᠡᠭᠰᠡᠨ ᠪᠦᠭᠡᠳ ᠮᠠᠯᠵᠢᠬᠤ ᠲᠠᠷᠢᠶᠠᠯᠠᠬᠤ ᠣᠷᠣᠨ ᠤ 26.5 ᠺᠢᠯᠣᠮᠧᠲᠷ ᠵᠠᠰᠠᠮᠠᠯ ᠵᠠᠮ ᠢ ᠠᠷᠠᠴᠢᠯᠠᠨ ᠬᠠᠮᠠᠭᠠᠯᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠠᠭᠠᠯᠠᠯᠲᠠ ᠶᠢ 7.5 ᠺᠢᠯᠣᠮᠧᠲᠷ  ᠲᠤ ᠪᠡᠶᠡᠯᠡᠬᠦᠯᠪᠡ᠃  ᠡᠬᠦᠨ ᠠᠴᠠ ᠭᠠᠳᠠᠨ᠎ᠠ᠂ 4A ᠲᠠᠰ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠭᠠᠵᠠᠷ ᠰᠣᠩᠭᠤᠬᠤ ᠶᠢ ᠪᠡᠶᠡᠯᠡᠭᠦᠯᠵᠦ᠂ ᠡᠮᠦᠨᠡᠬᠢ ᠬᠤᠭᠤᠴᠠᠭᠠᠨ ᠤ ᠠᠵᠢᠯ ᠢ ᠤᠷᠤᠭᠰᠢᠲᠠᠢ  ᠠᠬᠢᠭᠤᠯᠤᠭᠰᠠᠨ ᠪᠠᠶᠢᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号