ᠲᠠᠶᠢᠹᠤᠰᠧ ᠬᠤᠰᠢᠭᠤ ᠴᠢᠳᠠᠪᠤᠷᠢᠳᠠᠨ ᠤ ᠰᠤᠯᠢᠯᠴᠠᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/3/3
   2023 ᠣᠨ ᠤ 2 ᠰᠠᠷ᠎ᠠ ᠶᠢᠨ 13 ︱ 25 ᠤ ᠡᠳᠦᠷ᠂  ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠠᠵᠢᠯᠳᠠᠨ ᠤ ᠴᠢᠳᠠᠪᠤᠷᠢ ᠶᠢ ᠳᠡᠭᠡᠭᠰᠢᠯᠡᠭᠦᠯᠬᠦ  ︾ ᠬᠤᠶᠠᠷ ᠬᠤᠭᠤᠴᠠᠭᠠᠨ ᠤ ᠪᠣᠯᠪᠠᠰᠤᠷᠠᠯ ᠵᠧᠵᠢᠶᠠᠩ ᠶᠡᠭᠡ ᠰᠤᠷᠭᠠᠭᠤᠯᠢ ᠳᠤ ᠤᠷᠤᠭᠰᠢᠲᠠᠢ ᠶᠠᠪᠤᠭᠳᠠᠵᠤ ᠦᠩᠭᠡᠷᠡᠪᠡ᠃ ᠲᠠᠶᠢᠹᠤᠰᠧ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤᠨ ᠤ ᠬᠡᠰᠡᠭ ᠤᠳᠤᠷᠢᠳᠬᠤ ᠪᠠᠭ ᠤᠨ ᠭᠡᠰᠢᠭᠦᠨ᠂ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠭᠡᠰᠢᠭᠦᠨ᠂   ᠬᠤᠰᠢᠭᠤᠨ ᠤ ᠬᠠᠮᠢᠶ᠎ᠠ ᠪᠦᠬᠦᠢ ᠨᠢᠭᠡᠴᠡ ᠶᠢᠨ ᠤᠳᠤᠷᠢᠳᠤᠯᠭ᠎ᠠ  ᠪᠠ  ᠺᠠᠳ᠋ᠷ ᠠᠵᠢᠯᠲᠠᠨ ᠵᠡᠷᠭᠡ 217 ᠬᠦᠮᠦᠨ  ᠵᠧᠵᠢᠶᠠᠩ ᠮᠤᠵᠢ ᠶᠢᠨ ᠬᠠᠩᠵᠧᠦ ᠬᠤᠳᠠ ᠳᠤ ᠬᠦᠷᠴᠦ᠂  ᠲᠤᠬᠠᠢ ᠶᠢᠨ ᠭᠠᠵᠠᠷ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠠᠮᠵᠢᠯᠲᠠ ᠲᠤᠷᠰᠢᠯᠭ᠎ᠠ ᠶᠢ ᠰᠤᠷᠤᠯᠴᠠᠨ᠂  ᠬᠠᠷᠠᠭ᠎ᠠ ᠲᠡᠯᠡᠵᠦ ᠮᠡᠳᠡᠯᠭᠡ ᠪᠠᠨ ᠨᠡᠮᠡᠭᠳᠡᠬᠦᠯᠵᠡᠢ᠃  ᠡᠨᠡ ᠤᠳᠠᠭᠠᠨ ᠤ ᠪᠣᠯᠪᠠᠰᠤᠷᠠᠯ ᠨᠢ ᠲᠦᠪᠯᠡᠷᠡᠭᠰᠡᠨ ᠰᠤᠷᠤᠯᠴᠠᠯᠭ᠎ᠠ᠂ ᠠᠬᠤᠢ ᠲᠠᠯᠠᠪᠠᠢ   ᠶᠢᠨ ᠬᠢᠴᠢᠶᠡᠯᠯᠡᠭᠡ  ᠂ ᠶᠠᠷᠢᠯᠴᠠᠭ᠎ᠠ ᠰᠤᠯᠢᠯᠴᠠᠭ᠎ᠠ  ᠶᠢ ᠤᠶᠠᠯᠳᠤᠭᠤᠯᠬᠤ ᠠᠷᠭ᠎ᠠ  ᠪᠠᠷ ᠶᠠᠪᠤᠭᠳᠠᠵᠤ᠂ ᠵᠧᠵᠢᠶᠠᠩ ᠮᠤᠵᠢ ᠶᠢᠨ ᠬᠥᠳᠡᠭᠡ ᠲᠣᠰᠬᠤᠨ ᠤ ᠬᠥᠭᠵᠢᠯᠲᠡ ᠶᠢᠨ ᠰᠤᠳᠤᠯᠭᠠᠨ ᠤ ᠲᠥᠪ᠂   ᠬᠠᠩᠵᠧᠦ ᠬᠤᠲᠠ ᠶᠢᠨ ᠨᠠᠮ ᠤᠨ ᠰᠤᠷᠭᠠᠭᠤᠯᠢ᠂ ᠵᠧᠵᠢᠶᠠᠩ ᠶᠡᠭᠡ ᠰᠤᠷᠭᠠᠭᠤᠯᠢ ᠶᠢᠨ ᠡᠷᠳᠡᠮᠳᠡᠨ ᠫᠷᠤᠹᠧᠰᠰᠤᠷ ᠠᠴᠠ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ︾᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠤᠨᠢᠨ ᠳᠡᠭᠡᠷ᠎ᠡ ᠨᠢ ᠬᠡᠷᠡᠭᠵᠢᠭᠦᠯᠬᠦ︾᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠵᠧᠵᠢᠶᠠᠩ ᠤᠨ ᠦᠢᠯᠡᠳᠦᠯᠭᠡ ᠪᠠ ᠬᠠᠶᠢᠯᠳᠠ︾᠂ ︽ᠴᠢᠨᠠᠷ ᠰᠠᠶᠢᠲᠠᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ︾ ᠵᠡᠷᠭᠡ ᠳᠦᠷᠪᠡᠨ ᠲᠠᠯ᠎ᠠ ᠶᠢᠨ ᠲᠣᠭᠤᠷᠢᠨ ᠳᠤ ᠬᠢᠴᠢᠶᠡᠯ ᠤᠷᠤᠭᠰᠠᠨ ᠪᠠᠶᠢᠨ᠎ᠠ  ᠃  ᠰᠤᠷᠤᠭᠴᠢᠳ ᠪᠠᠰᠠ ᠬᠤᠸᠠᠨ ᠰᠢ ᠲᠣᠰᠬᠤᠨ᠂   ᠳ᠋ᠢ ᠫᠦ᠋ ᠲᠤᠰᠬᠤᠨ᠂  ᠳ᠋ᠠ ᠲᠠᠩ ᠨᠡᠶᠢᠭᠡᠮ ᠲᠣᠭᠤᠷᠢᠭ᠂ ᠸᠧᠢ ᠯᠠᠢ ᠨᠡᠶᠢᠭᠡᠮ ᠲᠣᠭᠤᠷᠢᠭ ᠵᠡᠷᠭᠡ ᠤᠯᠠᠨ ᠭᠠᠵᠠᠷ ᠳᠤ ᠬᠦᠷᠴᠦ᠂  ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ᠂ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ᠂ ᠠᠮᠢ ᠠᠬᠤᠢ ᠶᠢᠨ ᠵᠠᠰᠠᠯᠲᠠ᠂ ᠰᠣᠶᠣᠯ ᠤᠨ ᠰᠡᠷᠭᠦᠨ ᠮᠠᠨᠳᠤᠯᠲᠠ ᠵᠡᠷᠭᠡ ᠲᠠᠯ᠎ᠠ ᠶᠢᠨ ᠲᠡᠷᠢᠭᠦᠨ ᠤ ᠠᠷᠭ᠎ᠠ ᠲᠤᠷᠰᠢᠯᠭ᠎ᠠ ᠶᠢ  ᠰᠤᠷᠤᠯᠴᠠᠭᠰᠠᠨ ᠪᠠᠶᠢᠨ᠎ᠠ᠃      ᠣᠶᠢᠷ᠎ᠠ ᠶᠢᠨ ᠵᠢᠯ ᠳᠤ᠂  ᠲᠠᠶᠢᠹᠤᠰᠧ ᠬᠤᠰᠢᠭᠤ ᠨᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠰᠢᠭᠲᠠᠢ ᠠᠵᠠ ᠲᠣᠬᠢᠶᠠᠯ ᠢ ᠡᠵᠡᠮᠳᠡᠨ᠂ ᠤᠶᠤᠨ ᠤᠬᠠᠭᠠᠨ ᠢᠶᠠᠷ ᠬᠠᠪᠰᠤᠷᠤᠨ ᠲᠡᠳᠬᠦᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠠᠪᠰᠤᠷᠤᠨ ᠲᠡᠳᠬᠦᠬᠦ᠂ ᠪᠡᠯᠡ ᠮᠥᠩᠭᠦ ᠪᠠᠷ ᠬᠠᠪᠰᠤᠷᠤᠨ ᠲᠡᠳᠬᠦᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠴᠢᠳᠠᠪᠤᠷᠢᠲᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠤ ᠰᠠᠭᠤᠷᠢ ᠶᠢ ᠲᠠᠯᠪᠢᠭᠰᠠᠨ  ᠶᠤᠮ᠃  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠢᠨ᠎ᠡ ᠴᠠᠭ ᠦᠶ᠎ᠡ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠯ᠎ᠡ ᠲᠦᠷᠦᠯ ᠤᠨ ᠠᠵᠢᠯ ᠡᠭᠦᠷᠭᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠶᠠᠷ ᠭᠠᠵᠠᠷ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠠᠶᠢᠯᠴᠢᠯᠠᠯᠲᠠ ᠬᠢᠬᠦ᠂  ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ᠂ ᠤᠲᠠᠰᠤ ᠪᠠᠷ ᠬᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠠᠷᠭ᠎ᠠ ᠲᠤᠷᠰᠢᠯᠭ᠎ᠠ  ᠪᠠ ᠠᠵᠢᠯ ᠤᠨ ᠰᠡᠳᠬᠢᠴᠡ ᠪᠠᠨ ᠰᠤᠯᠢᠯᠴᠠᠵᠤ ᠢᠷᠡᠵᠡᠢ᠃  ᠣᠶᠢᠷ᠎ᠠ ᠶᠢᠨ ᠵᠢᠯ ᠳᠤ᠂  ᠪᠡᠭᠡᠵᠢᠩ ᠬᠤᠳᠠ ᠶᠢᠨ ᠴᠠᠩᠫᠢᠩ ᠲᠣᠭᠤᠷᠢᠭ ᠤᠨ ᠬᠢᠨ ᠤᠷᠢᠳ ᠬᠤᠵᠢᠳ 7 ᠤᠳᠤᠷᠢᠳᠬᠤ ᠺᠠᠳ᠋ᠷ ᠢ ᠲᠠᠶᠢᠹᠤᠰᠧ ᠬᠤᠰᠢᠭᠤᠨ ᠳᠤ ᠲᠤᠮᠢᠯᠠᠨ ᠲᠤᠰᠢᠶᠠᠯ ᠡᠭᠦᠷᠭᠡᠯᠡᠭᠦᠯᠵᠦ᠂ ᠬᠤᠰᠢᠭᠤ ᠨᠤᠳᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠭᠰᠡᠨ ᠪᠦᠭᠡᠳ  ᠲᠠᠶᠢᠹᠤᠰᠧ ᠬᠤᠰᠢᠭᠤᠨ ᠤ ᠬᠢᠨ ᠴᠤ ᠤᠷᠢᠳ ᠬᠤᠵᠢᠳ 8 ᠺᠠᠳ᠋ᠷ ᠢ  ᠲᠤᠮᠢᠯᠠᠨ ᠴᠠᠩᠫᠢᠩ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠲᠤᠰᠢᠶᠠᠯ  ᠡᠬᠦᠷᠭᠡᠯᠡᠬᠦᠯᠵᠦ ᠪᠤᠯᠪᠠᠰᠤᠷᠠᠭᠤᠯᠤᠭᠰᠠᠨ ᠪᠠᠶᠢᠨ᠎ᠠ  ᠃ ᠴᠠᠩᠫᠢᠩ ᠲᠣᠭᠤᠷᠢᠭ ᠤᠨ ᠬᠢᠨ ᠲᠦᠷᠦᠯ ᠵᠦᠢᠯ ᠤᠨ ᠪᠡᠯᠡ ᠮᠥᠩᠭᠦ ᠶᠢ 289.7 ᠲᠦᠮᠡᠨ ᠲᠥᠭᠦᠷᠢᠭ ᠵᠣᠬᠢᠴᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠺᠠᠳ᠋ᠷ ᠠᠵᠢᠯᠳᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠠᠵᠢᠯᠳᠠᠨ ᠤ ᠪᠣᠯᠪᠠᠰᠤᠷᠠᠯ ᠬᠥᠮᠦᠵᠢᠯ ᠳᠤ ᠲᠤᠰᠬᠠᠢ ᠭᠡᠷᠡᠭᠯᠡᠨ᠂ ᠤᠷᠢᠳ ᠬᠤᠵᠢᠳ 10 ᠬᠤᠭᠤᠴᠠᠭᠠᠨ ᠤ ᠪᠣᠯᠪᠠᠰᠤᠷᠠᠯ ᠤᠨ ᠠᠩᠭᠢ ᠡᠷᠬᠢᠯᠡᠵᠦ᠂  1017 ᠺᠠᠳ᠋ᠷ ᠢ ᠲᠡᠷᠢᠭᠦᠨ ᠤ ᠭᠠᠵᠠᠷ ᠣᠷᠣᠨ ᠳᠤ  ᠲᠤᠭᠤᠷᠢᠭᠤᠯᠤᠨ ᠰᠤᠷᠤᠯᠴᠠᠭᠤᠯᠵᠤ᠂ ᠦᠨᠳᠦᠰᠦᠨ ᠱᠠᠲᠤᠨ ᠤ ᠺᠠᠳ᠋ᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠴᠢᠳᠠᠪᠤᠷᠢ  ᠬᠢᠭᠡᠳ ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠴᠢᠨᠠᠭᠰᠢᠳᠠ ᠳᠡᠭᠡᠭᠰᠢᠯᠡᠭᠦᠯᠪᠡ᠃      ᠲᠠᠶᠢᠹᠤᠰᠧ ᠬᠤᠰᠢᠭᠤ ᠨᠢ  ︽ᠭᠠᠳᠠᠭᠰᠢ ᠭᠠᠷᠭᠠᠬᠤ︾  ᠪᠠ ︽ᠤᠷᠢᠵᠤ ᠤᠷᠤᠭᠤᠯᠬᠤ︾  ᠬᠡᠯᠪᠡᠷᠢ ᠪᠠᠷ ᠴᠠᠩᠫᠢᠩ ᠲᠣᠭᠤᠷᠢᠭ ᠯᠤᠭ᠎ᠠ ᠮᠡᠷᠭᠡᠵᠢᠯ ᠤᠨ ᠰᠣᠯᠢᠯᠴᠠᠭ᠎ᠠ᠂ ᠲᠤᠬᠠᠶᠢᠯᠠᠭᠰᠠᠨ ᠠᠵᠢᠯ ᠤᠨ ᠬᠠᠮᠵᠢᠯᠴᠠᠭᠠᠨ ᠤ ᠲᠠᠪᠴᠠᠩ ᠢ ᠪᠠᠶᠢᠭᠤᠯᠵᠤ᠂  ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠦᠮᠦᠵᠢᠬᠦᠯᠵᠦ᠂  ᠠᠯᠪᠠᠨ ᠠᠴᠠ ᠪᠠᠶᠢᠭᠤᠯᠤᠭᠰᠠᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠯᠦᠭᠡ ᠵᠣᠯᠭᠠᠭᠤᠯᠤᠨ  ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠠᠵᠤ ᠠᠬᠤᠶᠢᠯᠠᠯ ᠤᠨ ᠬᠢᠨ  65  ᠭᠠᠴᠠᠭ᠎ᠠ ᠲᠣᠰᠬᠤᠨ ᠢ ᠠᠵᠢᠯ ᠲᠥᠷᠥᠯ ᠢᠶᠠᠷ  ᠬᠠᠪᠰᠤᠷᠤᠨ ᠲᠡᠳᠬᠦᠭᠰᠡᠨ ᠪᠠᠶᠢᠨ᠎ᠠ  ᠃ ᠲᠥᠷᠥᠯ ᠵᠦᠢᠯ ᠤᠨ ᠳᠡᠮᠵᠢᠯᠭᠡ ᠪᠠᠷ  ᠲᠠᠮᠵᠢᠭᠠᠳ  ᠂ 300 ᠭᠠᠷᠤᠢ ᠺᠠᠳ᠋ᠷ᠂ 150  ᠨᠡᠷ᠎ᠡ ᠡᠮᠴᠢ ᠰᠤᠪᠢᠯᠠᠭᠴᠢ᠂ 200 ᠭᠠᠷᠤᠢ ᠪᠠᠭᠰᠢ ᠠᠵᠢᠯᠳᠠᠨ᠂ 500 ᠭᠠᠷᠤᠢ ᠮᠠᠯᠴᠢᠨ ᠲᠠᠷᠢᠶᠠᠴᠢᠨ ᠪᠠ  ᠲᠠᠷᠢᠶᠠᠯᠠᠩ ᠮᠠᠯᠵᠢᠯ  ᠤᠨ ᠲᠣᠮᠣ ᠡᠷᠦᠬᠡ ᠪᠡᠭᠡᠵᠢᠩ ᠳᠤ ᠬᠦᠷᠴᠦ ᠪᠣᠯᠪᠠᠰᠤᠷᠠᠯ ᠬᠦᠷᠳᠡᠭᠡᠳ᠂ ᠦᠨᠳᠦᠰᠦᠨ ᠱᠠᠲᠤᠨ ᠤ ᠺᠠᠳ᠋ᠷ ᠪᠠ ᠮᠡᠷᠭᠡᠵᠢᠯ ᠤᠨ ᠠᠵᠢᠯᠲᠠᠨ ᠤ ᠣᠨᠣᠯ ᠤᠨ ᠲᠦᠪᠰᠢᠨ᠂ ᠦᠢᠯᠡᠳᠦᠯᠭᠡ ᠶᠢᠨ ᠴᠢᠳᠠᠪᠤᠷᠢ ᠪᠠ ᠦᠢᠯᠡᠴᠢᠯᠡᠭᠡᠨ ᠤ ᠤᠬᠠᠮᠰᠠᠷ ᠶᠡᠭᠡ ᠪᠠᠷ ᠲᠡᠭᠡᠭᠰᠢᠯᠡᠪᠡ᠃ ᠴᠠᠩᠫᠢᠩ ᠲᠣᠭᠤᠷᠢᠭ ᠤᠨ  ᠰᠣᠩᠭᠤᠨ ᠲᠣᠮᠢᠯᠠᠭᠰᠠᠨ 47 ᠰᠢᠯᠢᠳᠡᠭ ᠨᠠᠮ ᠤᠨ ᠭᠡᠰᠢᠭᠦᠨ ᠺᠠᠳ᠋ᠷ  ᠨᠢ ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠪᠠ ᠰᠤᠷᠭᠠᠨ ᠬᠥᠮᠦᠵᠢᠯ᠂ ᠡᠮ ᠡᠮᠨᠡᠯᠭᠡ ᠂ ᠲᠠᠷᠢᠶᠠᠯᠠᠩ ᠮᠠᠯ ᠠᠵᠤ ᠠᠬᠤᠢ ᠵᠡᠷᠭᠡ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠳᠤ ᠭᠠᠪᠰᠢᠭᠠᠶᠢᠯᠠᠨ ᠠᠵᠢᠯᠯᠠᠵᠤ᠂  ᠠᠵᠢᠯ ᠤᠨ ᠴᠢᠳᠠᠪᠤᠷᠢ ᠪᠠᠨ ᠬᠠᠷᠢᠯᠴᠠᠨ ᠠᠬᠢᠭᠤᠯᠬᠤ᠂  ᠠᠷᠭ᠎ᠠ ᠲᠤᠷᠰᠢᠯᠭ᠎ᠠ ᠪᠠᠨ ᠬᠠᠷᠢᠯᠴᠠᠨ ᠰᠤᠯᠢᠯᠴᠠᠬᠤ ᠰᠠᠶᠢᠨ ᠰᠠᠶᠢᠬᠠᠨ ᠪᠠᠶᠢᠳᠠᠯ ᠢ ᠪᠣᠶ ᠪᠤᠯᠭᠠᠵᠠᠢ᠃     ᠣᠨᠴᠠᠯᠢᠭᠲᠤ ᠳᠠᠪᠠᠭᠤᠯᠢᠭ ᠠᠵᠤ ᠦᠢᠯᠡᠰ ᠢᠶᠠᠷ ᠴᠢᠳᠠᠪᠤᠷᠢᠲᠠᠨ ᠢ ᠲᠦᠪᠯᠡᠷᠡᠬᠦᠯᠬᠦ᠂ ᠴᠢᠳᠠᠪᠤᠷᠢᠲᠠᠨ ᠢᠶᠠᠷ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠬᠤᠰᠢᠭᠤ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠤᠳᠤᠷᠢᠳᠬᠤ ᠳᠤᠭᠤᠶᠢᠯᠠᠩ ᠢ ᠪᠠᠶᠢᠭᠤᠯᠤᠨ᠂   ︽ ᠲᠠᠶᠢᠹᠤᠰᠧ ᠬᠤᠰᠢᠭᠤᠨ ᠤ ᠪᠡᠭᠡᠵᠢᠩ ᠮᠣᠩᠭᠤᠯ ᠤᠨ  ᠬᠠᠮᠵᠢᠯᠴᠠᠭᠠᠨ ᠤ ᠬᠡᠷᠡᠭᠵᠢᠭᠦᠯᠬᠦ ᠲᠦᠰᠦᠪ︾ ︽ᠲᠠᠶᠢᠹᠤᠰᠧ ᠬᠤᠰᠢᠭᠤᠨ ᠤ ᠪᠡᠭᠡᠵᠢᠩ ᠮᠣᠩᠭᠤᠯ ᠤᠨ ᠶᠠᠳᠠᠭᠤ ᠶᠢ ᠲᠡᠳᠬᠦᠬᠦ  ᠬᠠᠮᠵᠢᠯᠴᠠᠭᠠᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠡᠮᠬᠢᠳᠬᠡᠯ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ  ᠨᠡᠶᠢᠳᠡᠯᠡᠨ᠂ ︽ᠴᠠᠩᠫᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂  ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠤ ᠭᠠᠷ ᠬᠤᠯᠪᠣᠨ ᠴᠢᠨᠡᠭᠡᠯᠢᠭᠵᠢᠬᠦ  ᠠᠵᠢᠯᠯᠠᠭᠠᠨ ᠤ ᠬᠡᠯᠡᠯᠴᠡᠭᠡᠷ︾ ᠢ ᠲᠣᠭᠲᠠᠵᠤ᠂ ᠰᠠᠯᠠᠭ᠎ᠠ ᠮᠥᠴᠢᠷ ᠪᠣᠯᠣᠨ ᠰᠤᠮᠤ ᠰᠢᠶᠠᠩ ᠪᠠᠯᠭᠠᠰᠤᠨ ᠤ ᠬᠢᠨᠠᠨ ᠰᠢᠯᠭᠠᠬᠤ᠂ ᠮᠡᠳᠡᠭᠡ ᠵᠠᠩᠭᠢ  ᠬᠦᠷᠭᠡᠬᠦ᠂  ᠠᠵᠢᠯ ᠵᠤᠯᠭᠠᠭᠤᠯᠬᠤ ᠵᠡᠷᠭᠡ 20 ᠭᠠᠷᠤᠢ ᠵᠦᠢᠯ ᠤᠨ ᠳᠦᠷᠢᠮ ᠲᠤᠭᠳᠠᠭᠠᠯ ᠢ ᠲᠣᠭᠲᠠᠭᠠᠪᠠ᠃  ᠲᠠᠪᠤᠨ ᠵᠢᠯ ᠤᠨ ᠲᠤᠷᠰᠢ᠂ ᠴᠠᠩᠫᠢᠩ ᠲᠣᠭᠤᠷᠢᠭ ᠤᠨ ᠡᠳ᠋ ᠤᠨ ᠵᠠᠰᠠᠭ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠠᠪᠰᠤᠷᠤᠨ ᠲᠡᠳᠬᠦᠭᠰᠡᠨ ᠪᠡᠯᠡ ᠮᠥᠩᠭᠦ 7585 ᠲᠦᠮᠡᠨ ᠲᠥᠭᠦᠷᠢᠭ ᠲᠤ ᠬᠦᠷᠴᠦ᠂ ᠲᠠᠶᠢᠹᠤᠰᠧ ᠬᠤᠰᠢᠭᠤᠨ ᠤ 8384 ᠶᠠᠳᠠᠭᠤ ᠬᠦᠴᠢᠷᠳᠡᠯᠲᠡᠢ ᠡᠷᠦᠬᠡ   ᠳᠤ ᠰᠢᠭᠤᠳ ᠪᠤᠶᠤ ᠳᠠᠮ ᠢᠶᠠᠷ ᠠᠰᠢᠭ  ᠬᠦᠷᠳᠡᠭᠡᠭᠰᠡᠨ ᠪᠠᠶᠢᠨ᠎ᠠ᠃  ᠲᠠᠬᠢᠶ᠎ᠠ ᠲᠡᠵᠢᠬᠡᠬᠦ᠂ ᠭᠦᠵᠡᠯᠵᠡᠭᠡᠨ᠎ᠡ  ᠲᠠᠷᠢᠬᠤ᠂  ᠠᠯᠠᠰᠢᠨ ᠤ ᠦᠬᠡᠷ ᠮᠠᠯᠵᠢᠬᠤ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠨᠢᠭᠡ ᠪᠦᠯᠦᠭ ᠳᠠᠪᠠᠭᠤᠯᠢᠭ ᠠᠵᠤ ᠦᠢᠯᠡᠰ ᠤᠨ ᠲᠥᠷᠥᠯ ᠵᠦᠢᠯ ᠨᠢ ᠲᠤᠰ ᠬᠤᠰᠢᠭᠤᠨ ᠳᠤ ᠨᠤᠲᠤᠭᠰᠢᠵᠤ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ  ᠪᠤᠯᠤᠭᠠᠳ᠂ 3132 ᠶᠠᠳᠠᠭᠤ   ᠠᠴᠠ ᠠᠩᠭᠢᠵᠢᠷᠠᠭᠰᠠᠨ ᠡᠷᠦᠬᠡ ᠠᠵᠤ ᠦᠢᠯᠡᠰ ᠤᠨ ᠬᠥᠭᠵᠢᠯᠲᠡ ᠳᠤ ᠤᠷᠤᠯᠴᠠᠨ ᠣᠷᠣᠯᠭ᠎ᠠ ᠪᠠᠨ ᠨᠡᠮᠡᠭᠳᠡᠭᠦᠯᠪᠡ᠃     ᠳᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤᠨ ᠤ ᠬᠢᠨ ᠪᠡᠭᠡᠵᠢᠩ ᠥᠪᠥᠷ ᠮᠣᠩᠭᠤᠯ ᠤᠨ ᠴᠢᠳᠠᠪᠤᠷᠢᠲᠠᠨ ᠤ  ᠰᠤᠯᠢᠯᠴᠠᠭᠠᠨ ᠤ ᠳᠠᠯᠳᠠ ᠬᠦᠴᠦᠨ ᠢ ᠦᠷᠭᠦᠯᠵᠢᠯᠡᠨ ᠭᠦᠨᠵᠡᠭᠡᠢ ᠠᠭᠤᠳᠠᠯᠵᠤ᠂  ᠬᠠᠮᠲᠤᠷᠠᠯᠴᠠᠭᠠᠨ ᠤ ᠲᠠᠷᠳᠠᠩ ᠵᠠᠮ ᠢ ᠬᠠᠶᠢᠵᠤ᠂ ᠬᠤᠶᠠᠷ ᠭᠠᠵᠠᠷ ᠤᠨ ᠬᠢᠨ ᠤ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠪᠠᠶᠢᠭᠤᠯᠤᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠭᠦᠨᠵᠡᠭᠡᠶᠢᠷᠡᠨ ᠬᠥᠭᠵᠢᠬᠦ ᠶᠢ ᠪᠦᠬᠦ ᠲᠠᠯ᠎ᠠ ᠪᠠᠷ ᠠᠬᠢᠭᠤᠯᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号