ᠣᠶᠢᠷ᠎ᠠ ᠳᠤ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯᠳᠤᠭᠠᠨ ᠠᠴᠠ | ᠲᠠᠶᠢᠹᠤᠰᠧ ᠬᠤᠰᠢᠭᠤᠨ ᠤ ︽ᠠᠷᠠᠳ ᠤᠨ ᠲᠥᠯᠥᠭᠡᠯᠡᠭᠴᠢ ᠶᠢᠨ ᠬᠠᠤᠯᠢ ᠪᠠᠷ ᠵᠠᠰᠠᠬᠤ ᠠᠵᠢᠯ ᠤᠨ ᠬᠠᠷᠢᠯᠴᠠᠬᠤ | ᠥᠷᠲᠡᠭᠡ︾ ᠶᠢ ᠪᠠᠶᠢᠭᠤᠯᠵᠤ 2023 ᠣᠨ ᠤ 7 ᠰᠠᠷ᠎ᠠ ᠳᠤ ᠠᠰᠢᠭᠯᠠᠯᠲᠠ ᠳᠤ ᠤᠷᠤᠭᠤᠯᠬᠤ ᠪᠠᠷ ᠲᠤᠭᠳᠠᠵᠠᠢ᠃ | ᠲᠤᠰ ᠬᠠᠷᠢᠯᠴᠠᠬᠤ ᠥᠷᠲᠡᠭᠡ ᠪᠣᠯ ᠠᠷᠠᠳ ᠤᠨ ᠲᠥᠯᠥᠭᠡᠯᠡᠭᠴᠢᠳ ᠤᠨ ᠬᠡᠷᠡᠭ ᠡᠶᠡᠳᠡᠭᠦᠯᠬᠦ᠂ ᠵᠠᠬᠢᠳᠠᠯ | ᠰᠣᠷᠪᠤᠯᠵᠢᠯᠠᠭ᠎ᠠ ᠰᠢᠢᠳᠪᠦᠷᠢᠯᠡᠬᠦ᠂ ᠬᠦᠢᠴᠡᠳᠭᠡᠯᠳᠡ ᠶᠢ ᠭᠡᠷᠡᠴᠢᠯᠡᠬᠦ᠂ ᠬᠠᠤᠯᠢ ᠭᠡᠷᠡᠭᠵᠢᠬᠦᠯᠬᠦ ᠳᠤ ᠬᠢᠨᠠᠯᠲᠠ | ᠲᠠᠯᠪᠢᠬᠤ᠂ ᠰᠣᠩᠭᠤᠭᠤᠯᠢ ᠶᠢᠨ ᠠᠷᠠᠳ ᠲᠠᠢ ᠬᠠᠷᠢᠯᠴᠠᠬᠤ ᠲᠠᠯᠠᠪᠤᠷ ᠪᠠᠶᠢᠵᠤ᠂ ᠬᠤᠷᠠᠯ ᠲᠡᠭᠦᠰᠦᠭᠰᠡᠨ ᠤ ᠲᠠᠷᠠᠭᠠᠬᠢ | ᠲᠥᠯᠥᠭᠡᠯᠡᠭᠴᠢᠳ ᠤᠨ ᠪᠠᠶᠢᠩᠭᠤ ᠶᠢᠨ ᠠᠵᠢᠯᠯᠠᠭ᠎ᠠ ᠥᠷᠨᠢᠭᠦᠯᠬᠦ ᠠᠴᠢᠶᠠᠯᠠᠪᠤᠷᠢ ᠪᠦᠭᠡᠳ ᠲᠥᠯᠥᠭᠡᠯᠡᠭᠴᠢᠳ ᠤᠨ | ᠣᠯᠠᠨ ᠲᠦᠮᠡᠨ ᠲᠠᠢ ᠨᠢᠭᠲᠠ ᠬᠠᠷᠢᠯᠴᠠᠬᠤ᠂ ᠬᠠᠤᠯᠢ ᠶᠣᠰᠣᠭᠠᠷ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ | ᠠᠰᠠᠭᠤᠳᠠᠯ ᠰᠢᠢᠳᠪᠦᠷᠢᠯᠡᠬᠦ ᠶᠢ ᠠᠬᠢᠭᠤᠯᠬᠤ ᠴᠢᠬᠤᠯᠠ ᠲᠠᠪᠴᠠᠩ ᠪᠤᠯᠤᠨ᠎ᠠ᠃ ᠬᠠᠷᠢᠯᠴᠠᠬᠤ ᠦᠷᠳᠡᠭᠡᠨ ᠤ | ᠪᠠᠶᠢᠭᠤᠯᠤᠯᠲᠠ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠤᠯᠠᠮ ᠴᠢᠨᠠᠭᠰᠢᠳᠠ | ᠪᠠᠷᠢᠮᠲᠠᠯᠠᠨ ᠲᠡᠭᠦᠯᠳᠡᠷᠵᠢᠭᠦᠯᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ᠂ ᠠᠷᠠᠳ ᠤᠨ ᠲᠥᠯᠥᠭᠡᠯᠡᠭᠴᠢᠳ ᠤᠨ ︽ᠨᠢᠭᠡ ᠣᠷᠳᠣᠨ ᠭᠤᠷᠪᠠᠨ ᠬᠤᠷᠢᠶ᠎ᠠ︾ ᠳᠤ ᠬᠢᠨᠠᠯᠲᠠ | ᠲᠠᠯᠪᠢᠬᠤ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠶᠤᠮ᠃ ᠡᠨᠡᠬᠦ ᠲᠠᠪᠴᠠᠩ ᠢᠶᠠᠷ ᠲᠠᠮᠵᠢᠭᠠᠳ ᠠᠷᠠᠳ ᠤᠨ | ᠲᠥᠯᠥᠭᠡᠯᠡᠭᠴᠢᠳ ᠪᠣᠯᠣᠨ ᠬᠠᠤᠯᠢ ᠶᠢᠨ ᠰᠠᠯᠠᠭ᠎ᠠ ᠮᠥᠴᠢᠷ ᠤᠨ ᠬᠤᠭᠤᠷᠣᠨᠳᠣᠬᠢ ᠬᠠᠷᠢᠯᠴᠠᠭ᠎ᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠲᠥᠯᠥᠭᠡᠯᠡᠭᠴᠢᠳ ᠤᠨ ᠬᠠᠤᠯᠢ ᠶᠢᠨ ᠠᠵᠢᠯᠯᠠᠭ᠎ᠠ ᠳᠤ ᠪᠦᠲᠦᠮᠵᠢᠲᠡᠢ ᠬᠢᠨᠠᠯᠲᠠ | ᠲᠠᠯᠪᠢᠬᠤ ᠶᠢ ᠴᠢᠩᠭᠠᠳᠬᠠᠨ᠂ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠳᠠᠮᠵᠢᠭᠤᠯᠬᠤ ᠪᠠ | ᠲᠤᠰᠬᠠᠵᠤ᠂ ᠪᠦᠭᠦ ᠬᠤᠰᠢᠭᠤᠨ ᠤ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ | ᠦᠢᠯᠡᠳᠦᠯ ᠦᠵᠡᠭᠦᠯᠬᠦ ᠪᠣᠯᠣᠨ᠎ᠠ᠃ |