ᠲᠠᠶᠢᠹᠤᠰᠧ ᠬᠤᠰᠢᠭᠤ  ︽  ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ︾ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2023/3/3
  ︽ᠯᠧᠢ ᠹᠧᠩ ᠤᠨ ᠵᠣᠷᠢᠭ ᠰᠠᠨᠠᠭ᠎ᠠ︾ ᠶᠢ ᠤᠯᠠᠮ  ᠪᠠᠳᠠᠷᠠᠭᠤᠯᠬᠤ ᠶᠢᠨ ᠲᠥᠯᠥᠭᠡ᠂ 3 ᠰᠠᠷ᠎ᠠ ᠶᠢᠨ 3 ᠤ ᠡᠳᠦᠷ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂  ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠪᠤᠯᠤᠨ ᠬᠤᠰᠢᠭᠤ  ᠡᠮᠨᠡᠯᠭᠡ ᠶᠢᠨ ᠬᠤᠷᠢᠶᠠᠨ ᠤ ᠨᠠᠮ ᠤᠨ ᠡᠭᠦᠷ  ᠬᠠᠮᠳᠤᠷᠠᠨ᠂  ᠪᠤᠤᠴᠠᠩ ᠪᠠᠯᠭᠠᠰᠤᠨ ᠤ ᠵᠢᠶᠠᠨ ᠰᠢᠩ ᠨᠡᠶᠢᠭᠡᠮ ᠲᠣᠭᠤᠷᠢᠭ ᠲᠤ  ︽ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ︾ ︽ᠡᠷᠡᠭᠦᠯ ᠬᠠᠮᠠᠭᠠᠯᠠᠯ ᠢ ᠬᠦᠳᠡᠭᠡ ᠬᠦᠷᠭᠡᠬᠦ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃  ᠠᠬᠤᠢ ᠲᠠᠯᠠᠪᠠᠢ ᠳᠤ᠂ ᠴᠢᠰᠤᠨ ᠰᠢᠬᠢᠷ ᠴᠢᠰᠤᠨ ᠳᠠᠷᠤᠯᠲᠠ ᠶᠢ ᠬᠡᠮᠵᠢᠬᠦ᠂ ᠳᠣᠲᠣᠷ ᠭᠠᠳᠠᠷ ᠰᠠᠯᠠᠭᠠᠨ ᠤ ᠲᠤᠰᠬᠠᠢ ᠮᠡᠷᠭᠡᠵᠢᠯᠲᠡᠨ ᠬᠠᠮᠲᠤᠷᠠᠨ ᠣᠨᠣᠰᠢᠯᠠᠬᠤ ᠵᠡᠷᠭᠡ ᠦᠢᠯᠡᠴᠢᠯᠡᠭᠡᠨ ᠤ ᠠᠭᠤᠯᠭ᠎ᠠ ᠶᠢ ᠲᠤᠬᠢᠷᠠᠭᠤᠯᠵᠤ᠂ ᠡᠮᠨᠡᠭᠦᠯᠬᠦ ᠪᠠᠷ ᠢᠷᠡᠭᠰᠡᠨ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠠᠵᠢᠯᠲᠠᠨ ᠤ ᠵᠢᠯᠣᠭᠤᠳᠤᠯᠭ᠎ᠠ ᠳᠣᠣᠷ᠎ᠠ ᠡᠮᠬᠢ ᠵᠢᠷᠤᠮ ᠲᠠᠢ ᠮᠥᠷᠯᠡᠨ᠂  ᠡᠪᠡᠳᠴᠢᠨ   ᠢᠶᠠᠨ ᠦᠵᠡᠬᠦᠯᠬᠦ ᠪᠠᠷ ᠬᠦᠯᠢᠶᠡᠵᠦ ᠪᠠᠶᠢᠯ᠎ᠠ᠃ ᠡᠮᠨᠡᠯᠭᠡ ᠶᠢᠨ ᠠᠵᠢᠯᠲᠠᠳ   ᠠᠴᠠ ᠬᠤᠪᠢ ᠬᠥᠮᠥᠨ ᠤ ᠪᠡᠶ᠎ᠡ ᠶᠢᠨ ᠪᠠᠶᠢᠳᠠᠯ ᠢ ᠨᠢ ᠦᠨᠳᠦᠰᠦᠯᠡᠨ ᠵᠦᠢ ᠵᠣᠬᠢᠰᠲᠠᠢ ᠰᠠᠨᠠᠭᠤᠯᠭ᠎ᠠ ᠭᠠᠷᠭᠠᠵᠤ᠂ ᠡᠪᠡᠳᠴᠢᠨ ᠬᠠᠭᠤᠴᠢ ᠲᠠᠢ ᠨᠠᠰᠤᠲᠠᠶᠢᠴᠤᠳ ᠲᠤ  ᠴᠠᠭ ᠲᠤᠬᠠᠢ ᠳᠤᠨᠢ ᠡᠮ ᠬᠡᠷᠡᠭᠯᠡᠬᠦ ᠶᠢ ᠰᠠᠨᠠᠭᠤᠯᠬᠤ ᠶᠢᠨ ᠬᠠᠮᠲᠤ ᠡᠷᠡᠭᠦᠯ ᠮᠡᠨᠳᠦ ᠶᠢᠨ ᠮᠡᠳᠡᠯᠭᠡ ᠶᠢ  ᠲᠦᠭᠡᠮᠡᠯᠵᠢᠬᠦᠯᠵᠡᠢ᠃ ᠰᠠᠶᠢᠨ ᠳᠤᠷ᠎ᠠ ᠶᠢᠨ ᠠᠵᠢᠯᠯᠠᠭᠴᠢᠳ ᠪᠠᠰᠠ ᠠᠰᠠᠭᠤᠨ ᠯᠠᠪᠯᠠᠬᠤ ᠪᠠᠷ ᠢᠷᠡᠭᠰᠡᠨ ᠪᠠ ᠡᠮᠨᠡᠭᠦᠯᠬᠦ ᠪᠠᠷ ᠢᠷᠡᠭᠰᠡᠨ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠮᠡᠳᠡᠯᠭᠡ ᠶᠢᠨ ᠭᠠᠷ ᠠᠪᠤᠯᠭ᠎ᠠ ᠪᠠ ᠬᠠᠮᠢᠶ᠎ᠠ ᠪᠦᠬᠦᠢ ᠮᠠᠲ᠋ᠧᠷᠢᠶᠠᠯ ᠢ ᠦᠨ᠎ᠡ ᠲᠥᠯᠥᠪᠦᠷᠢ ᠦᠭᠡᠢ ᠪᠠᠷ ᠲᠠᠷᠬᠠᠭᠠᠨ ᠥᠭᠴᠦ᠂ ᠣᠯᠠᠨ ᠢ ᠬᠠᠪᠰᠤᠷᠤᠨ ᠡᠪᠡᠳᠴᠢᠨ ᠲᠠᠬᠤᠯ ᠠᠴᠠ ᠰᠡᠷᠭᠡᠶᠢᠯᠡᠬᠦ᠂ ᠡᠷᠡᠭᠦᠯ ᠮᠡᠨᠳᠦ ᠠᠮᠢᠳᠤᠷᠠᠬᠤ ᠤᠬᠠᠮᠰᠠᠷ ᠢ ᠨᠢ ᠲᠡᠭᠡᠭᠰᠢᠯᠡᠬᠦᠯᠦᠭᠰᠡᠨ ᠪᠠᠶᠢᠨ᠎ᠠ᠃   ᠡᠨᠡ ᠤᠳᠠᠭᠠᠨ ᠤ ᠯᠧᠢ ᠹᠧᠩ   ᠠᠴᠠ ᠰᠤᠷᠤᠯᠴᠠᠬᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ   ᠳᠤ᠂ ᠰᠠᠶᠢᠨ ᠳᠤᠷ᠎ᠠ   ᠶᠢᠨ ᠦᠢᠯᠡᠴᠢᠯᠡᠭᠴᠢᠳ ᠥᠪᠡᠷ ᠤᠨ ᠲᠤᠰᠬᠠᠢ ᠮᠡᠷᠭᠡᠵᠢᠯ  ᠪᠠ  ᠬᠦᠯᠢᠴᠡᠯ ᠨᠠᠶᠢᠳᠠᠪᠤᠷᠢ ᠪᠠᠷ  ᠯᠧᠢ ᠹᠧᠩ ᠤᠨ ᠵᠣᠷᠢᠭ ᠰᠠᠨᠠᠭ᠎ᠠ   ᠶᠢ ᠦᠢᠯᠡᠳᠦᠯᠭᠡᠵᠢᠭᠦᠯᠵᠦ᠂ ᠥᠷᠭᠡᠨ ᠣᠯᠠᠨ ᠰᠠᠭᠤᠭᠠᠯᠢ ᠠᠷᠠᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ  ᠲᠤᠰᠠ ᠨᠡᠮᠡᠷᠢᠯᠡᠵᠦ᠂  ᠯᠧᠢ ᠹᠧᠩ ᠤᠨ ᠵᠣᠷᠢᠭ ᠰᠠᠨᠠᠭ᠎ᠠ ᠶᠢ ︽ᠬᠥᠮᠥᠨ ᠪᠣᠯᠭᠠᠨ ᠰᠤᠷᠤᠯᠴᠠᠵᠤ᠂ ᠬᠠᠮᠢᠭ᠎ᠠ ᠭᠠᠵᠠᠷ ᠴᠤ ᠬᠢᠵᠦ ᠪᠣᠯᠬᠤ︾ ᠪᠣᠯᠪᠠᠰᠤᠨ ᠬᠡᠪ ᠰᠤᠷᠲᠠᠯ ᠢ ᠦᠢᠯᠡᠳᠦᠯᠬᠡᠵᠢᠬᠦᠯᠦᠭᠡᠳ᠂ ᠣᠯᠠᠨ ᠲᠦᠮᠡᠨ ᠤ  ᠦᠨᠳᠦᠷ ᠦᠨᠡᠯᠡᠯᠲᠡ   ᠶᠢ  ᠤᠯᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号