ᠰᠤᠷᠭᠠᠭᠤᠯᠢ ᠶᠢᠨ ᠬᠦᠷᠢᠶᠡᠨ ᠳᠤ ᠪᠤᠯᠤᠭᠰᠠᠨ ᠭᠠᠯ ᠤᠨᠲᠠᠷᠠᠭᠠᠬᠤ ᠬᠢᠴᠢᠶᠡᠯ
ᠨᠡᠶᠢᠲᠡᠯᠡᠭᠰᠡᠨ ᠴᠠᠭ᠄
2023/3/3
   ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠭᠰᠢ ᠰᠤᠷᠤᠭᠴᠢᠳ ᠤᠨ ᠥᠪᠡᠷ ᠢ ᠪᠠᠨ ᠰᠡᠷᠭᠡᠶᠢᠯᠡᠬᠦ ᠴᠢᠳᠠᠪᠤᠷᠢ ᠪᠠ ᠰᠤᠷᠭᠠᠭᠤᠯᠢ ᠶᠢᠨ ᠭᠠᠯ ᠤᠨ ᠠᠶᠤᠯ ᠢ ᠠᠷᠭᠠᠴᠠᠬᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 2 ᠰᠠᠷ᠎ᠠ ᠶᠢᠨ 28 ᠤ ᠦᠳᠡ ᠶᠢᠨ ᠬᠤᠶᠢᠨ᠎ᠠ ᠲᠠᠶᠢᠹᠤᠰᠧ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠨᠢ ᠲᠠᠶᠢᠹᠤᠰᠧ ᠬᠤᠰᠢᠭᠤᠨ ᠤ ᠬᠤᠶᠠᠳᠤᠭᠠᠷ ᠬᠡᠦᠬᠡᠳ ᠤᠨ ᠴᠡᠴᠡᠷᠯᠢᠭ ᠲᠤ ᠬᠦᠷᠴᠦ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾  — ᠭᠠᠯ ᠤᠨᠲᠠᠷᠠᠭᠠᠬᠤ  ᠬᠢᠴᠢᠶᠡᠯ ᠪᠤᠯᠪᠠᠰᠤᠷᠠᠯ ᠥᠷᠨᠢᠭᠦᠯᠪᠡ᠃ ᠤᠨᠤᠯ ᠤᠨ ᠬᠢᠴᠢᠶᠡᠯ ᠳᠡᠭᠡᠷ᠎ᠡ᠂ ᠭᠠᠯ ᠤᠨᠲᠠᠷᠠᠭᠠᠬᠤ ᠶᠡᠭᠡ ᠠᠩᠭᠢ ᠶᠢᠨ ᠤᠬᠠᠭᠤᠯᠤᠭᠴᠢ ᠠᠴᠠ ᠡᠳᠦᠷ ᠲᠤᠲᠤᠮ ᠤᠨ ᠭᠠᠯ ᠰᠡᠷᠭᠡᠶᠢᠯᠡᠬᠦ᠂  ᠭᠠᠯ ᠤᠨᠲᠠᠷᠠᠭᠠᠬᠤ᠂  ᠠᠶᠤᠯ ᠠᠴᠠ ᠵᠠᠶᠢᠯᠠᠬᠤ ᠵᠡᠷᠭᠡ ᠭᠠᠯ ᠤᠨᠲᠠᠷᠠᠭᠠᠬᠤ ᠮᠡᠳᠡᠯᠭᠡ ᠶᠢᠨ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠡᠢ᠃ ᠤᠬᠠᠭᠤᠯᠭ᠎ᠠ ᠶᠢᠨ ᠠᠵᠢᠯᠲᠠᠳ ᠪᠠᠰᠠ ᠲᠤᠬᠠᠢ ᠶᠢᠨ ᠲᠠᠯᠠᠪᠤᠷ ᠲᠤ ᠱᠤᠭ ᠵᠢᠷᠤᠭ ᠢᠶᠠᠷ ᠢᠯᠡᠳᠭᠡᠭᠰᠡᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠰᠤᠷᠤᠭᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠤᠬᠠᠢ ᠣᠶᠢᠯᠠᠭᠠᠯᠲᠠ ᠪᠠ ᠰᠠᠭᠤᠭᠳᠠᠯ ᠢ ᠬᠦᠨᠵᠡᠬᠡᠶᠢᠷᠡᠬᠦᠯᠦᠭᠰᠡᠨ ᠪᠠᠶᠢᠨ᠎ᠠ᠃ ᠳᠠᠷᠠᠭ᠎ᠠ ᠪᠠᠷ ᠨᠢ ᠨᠢᠭᠡ ᠤᠳᠠᠭᠠᠨ ᠤ ︽mini︾ ᠪᠠᠴᠢᠮ ᠪᠠᠶᠢᠳᠠᠯ   ᠢ ᠠᠷᠭᠠᠴᠠᠬᠤ ᠰᠣᠷᠢᠯᠲᠠ ᠬᠢᠵᠦ᠂  ᠠᠵᠢᠯᠳᠠᠨ ᠤ ᠵᠢᠯᠣᠭᠤᠳᠤᠯᠭ᠎ᠠ ᠳᠣᠣᠷ᠎ᠠ  ᠪᠠᠭᠰᠢ ᠨᠠᠷ ᠬᠠᠰᠢᠭᠳᠠᠭᠰᠠᠨ ᠰᠤᠷᠤᠭᠴᠢᠳ ᠢ ᠡᠮᠬᠢ ᠵᠠᠮᠪᠠᠷᠠᠭ᠎ᠠ ᠲᠠᠢ ᠪᠠᠷ ᠠᠮᠤᠷ ᠲᠦᠪᠰᠢᠨ ᠭᠠᠵᠠᠷ ᠲᠤ ᠵᠠᠶᠢᠯᠠᠭᠤᠯᠤᠨ᠂ ᠰᠣᠷᠢᠯᠲᠠ ᠶᠢᠨ ᠡᠭᠦᠷᠭᠡ ᠪᠠᠨ ᠠᠮᠵᠢᠯᠲᠠ ᠲᠠᠢ ᠪᠡᠶᠡᠯᠡᠬᠦᠯᠦᠭᠡᠳ᠂ ᠦᠢᠯᠡᠳᠦᠯᠭᠡ ᠶᠢᠨ ᠳᠤᠮᠳᠠ ᠭᠠᠯ ᠤᠨᠲᠠᠷᠠᠭᠠᠬᠤ ᠮᠡᠳᠡᠯᠭᠡ ᠶᠢᠨ ᠲᠠᠯ᠎ᠠ ᠪᠠᠷ ᠨᠠᠩ ᠭᠦᠨᠵᠡᠭᠡᠢ ᠰᠠᠭᠤᠭᠳᠠᠯ ᠥᠭᠭᠦᠭᠰᠡᠨ ᠪᠠᠶᠢᠨ᠎ᠠ᠃  ᠲᠠᠷᠠᠭᠠᠴᠢ ᠪᠠᠷ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠦᠷᠭᠦᠯᠵᠢᠯᠡᠨ ᠬᠠᠷᠢᠶ᠎ᠠ ᠣᠷᠣᠨ ᠤ ᠪᠠᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠬᠦᠨᠵᠡᠬᠡᠶᠢᠷᠡᠵᠦ᠂  ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ   ᠶᠢ ᠦᠷᠨᠢᠬᠦᠯᠦᠨ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ᠂ ᠡᠶ᠎ᠡ ᠵᠣᠬᠢᠴᠠᠯ ᠲᠠᠢ ᠰᠤᠷᠭᠠᠭᠤᠯᠢ ᠶᠢᠨ  ᠬᠦᠷᠢᠶᠡᠨ ᠤ ᠪᠠᠶᠢᠭᠤᠯᠤᠯᠳᠠ ᠶᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号