ᠬᠦᠨᠪᠤᠯᠠᠭ ᠰᠤᠮᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2023/3/3
   3 ᠰᠠᠷ᠎ᠠ ᠶᠢᠨ 1 ᠤ ᠡᠳᠦᠷ᠂  ᠬᠦᠨᠪᠤᠯᠠᠭ ᠰᠤᠮᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠬᠤᠶᠠᠳᠤᠭᠠᠷ  ᠤᠳᠠᠭᠠᠨ ᠤ  ᠲᠦᠪᠯᠡᠷᠡᠨ ᠰᠤᠷᠤᠯᠴᠠᠬᠤ ᠬᠤᠷᠠᠯ  ᠬᠤᠷᠠᠯᠳᠤᠭᠤᠯᠵᠤ ᠂  ᠨᠠᠮ ᠤᠨ ᠬᠤᠷᠢᠶᠠᠨ ᠤ ᠱᠦᠵᠢ ᠣᠷᠭᠢᠯ ᠬᠤᠷᠠᠯ ᠢ ᠡᠷᠬᠢᠯᠡᠨ᠂ ᠤᠳᠤᠷᠢᠳᠬᠤ ᠪᠠᠭ ᠤᠨ ᠪᠥᠬᠦ ᠭᠡᠰᠢᠭᠦᠳ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠪᠥᠬᠦ ᠤᠯᠤᠰ ᠤᠨ ᠨᠢᠭᠡᠳᠦᠮᠡᠯ ᠹᠷᠣᠨᠲ ᠤᠨ ᠬᠡᠯᠳᠡᠰ ᠤᠨ ᠲᠠᠷᠤᠭ᠎ᠠ ᠨᠠᠷ ᠤᠨ  ᠬᠤᠷᠠᠯᠳᠤᠭᠠᠨ ᠤ ᠵᠣᠷᠢᠭ ᠰᠠᠨᠠᠭ᠎ᠠ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠶᠢᠨ ᠭᠠᠷ ᠠᠪᠤᠯᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠭᠤᠣᠯᠳᠠᠯᠭ᠎ᠠ ᠲᠠᠢ ᠠᠭᠤᠯᠭ᠎ᠠ ᠶᠢ ᠬᠠᠮᠲᠤ ᠪᠠᠷ ᠰᠤᠷᠤᠯᠴᠠᠪᠠ᠃ ᠬᠤᠷᠠᠯ ᠠᠴᠠ ᠵᠢᠭᠠᠵᠤ ᠭᠠᠷᠭᠠᠬᠤ ᠳᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ   ᠨᠢ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠤᠯᠤᠰ ᠤᠨ ᠠᠮᠤᠷ ᠲᠦᠪᠰᠢᠨ ᠳᠤ ᠬᠤᠯᠪᠣᠭᠳᠠᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠨᠠᠮ ᠤᠨ ᠭᠡᠰᠢᠭᠦᠨ ᠺᠠᠳ᠋ᠷᠴᠤᠳ ᠡᠷᠭᠡᠪᠰᠢ ᠵᠥᠪ ᠤᠨᠤᠪᠴᠢᠳᠠᠢ ᠤᠯᠤᠰ ᠲᠦᠷᠦ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠦᠷᠳᠡᠭ ᠤᠨ ᠬᠠᠨᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠨᠤᠯ ᠤᠨ ᠰᠤᠷᠤᠯᠴᠠᠯᠭ᠎ᠠ ᠶᠢ  ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ ᠢ ᠤᠬᠠᠮᠰᠠᠷ ᠠᠴᠠ ᠪᠠᠨ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠢ ᠡᠪᠳᠡᠬᠦ ᠦᠢᠯᠡ ᠠᠵᠢᠯᠯᠠᠭ᠎ᠠ ᠯᠤᠭ᠎ᠠ ᠵᠣᠷᠢᠭᠲᠠᠢ ᠪᠠᠷ ᠲᠡᠮᠡᠴᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠭᠤᠣᠯ ᠰᠢᠵᠢᠮ ᠢ ᠪᠠᠲᠤ ᠡᠵᠡᠮᠳᠡᠨ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ  ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠶᠢ ᠭᠦᠨᠵᠡᠭᠡᠢ ᠲᠠᠨᠢᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠶᠢᠨ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠲᠠᠨᠢᠵᠤ᠂ ᠨᠠᠮ ᠤᠨ ᠦᠨᠳᠦᠰᠦᠲᠡᠨ ᠤ ᠤᠨᠤᠯ ᠪᠠ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠬᠡᠷᠡᠭᠲᠡᠢ ᠬᠡᠪᠡ᠃  ᠬᠤᠷᠠᠯ ᠳᠡᠭᠡᠷ᠎ᠡ ᠪᠠᠰᠠ ︽ᠲᠦᠷᠦ ᠶᠢ ᠵᠠᠰᠠᠵᠤ ᠵᠠᠰᠠᠭ ᠢ ᠡᠷᠬᠢᠯᠡᠬᠦᠢ  ︾   ᠶᠢᠨ ᠳᠥᠷᠪᠡᠳᠦᠭᠡᠷ ᠪᠣᠳᠢ ᠪᠣᠯᠣᠨ ︽ᠵᠠᠭᠤᠨ ᠵᠢᠯ ᠤᠨ ᠠᠭᠤᠤ ᠨᠠᠮ︾ ᠤᠨ ᠬᠡᠰᠡᠭ ᠪᠦᠯᠦᠭ ᠢ  ᠰᠤᠷᠤᠯᠴᠠᠭᠰᠠᠨ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号