2 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ ᠴᠧᠨ | ᠶᠠᠨ ᠪᠦᠦ ᠬᠤᠩ ᠴᠢ ᠪᠠᠯᠭᠠᠰᠤᠨ ᠳᠤ ᠬᠦᠷᠴᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠤ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠴᠧᠨ ᠶᠠᠨ ᠪᠦᠦ | ᠪᠠᠯᠭᠠᠰᠤ᠂ ᠲᠣᠰᠬᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠠᠢ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠭᠰᠠᠨ ᠤᠯᠤᠯᠳᠠ ᠲᠥᠷᠥᠭᠳᠡᠯ ᠢᠶᠠᠨ ᠬᠤᠪᠢᠶᠠᠯᠴᠠᠵᠤ᠂ ᠬᠤᠷᠢᠳᠤᠭᠠᠷ ᠶᠡᠭᠡ | ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ | ᠴᠢᠨᠠᠷ ᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠭᠰᠠᠨ ᠪᠠᠶᠢᠨ᠎ᠠ᠃ ᠴᠧᠨ ᠶᠠᠨ ᠪᠦᠦ ᠴᠢᠬᠤᠯᠠᠴᠢᠯᠠᠬᠤ | ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ | ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ | ᠮᠥᠨ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠡᠷᠬᠡᠪᠰᠢ ᠬᠤᠷᠢᠳᠤᠭᠠᠷ ᠶᠡᠭᠡ ᠬᠤᠷᠠᠯ ᠤᠨ | ᠤᠯᠤᠰ ᠲᠥᠷᠥ᠂ ᠣᠨᠣᠯ ᠪᠠ ᠦᠢᠯᠡᠳᠦᠯᠭᠡ ᠶᠢᠨ ᠲᠠᠯ᠎ᠠ ᠪᠠᠷ ᠣᠯᠣᠭᠰᠠᠨ ᠴᠢᠬᠤᠯᠠ ᠶᠡᠭᠡ ᠦᠷ᠎ᠡ ᠪᠦᠲᠦᠭᠡᠯ ᠢ | ᠭᠦᠨᠵᠡᠭᠡᠢ ᠣᠶᠢᠯᠠᠭᠠᠵᠤ᠂ ᠢᠯᠡᠳᠬᠡᠯ ᠳᠤ ᠲᠣᠳᠣᠷᠬᠠᠶᠢᠯᠠᠭᠰᠠᠨ ᠰᠢᠨ᠎ᠡ ᠦᠵᠡᠯ ᠰᠠᠨᠠᠭ᠎ᠠ᠂ ᠰᠢᠨ᠎ᠡ ᠣᠶᠢᠯᠠᠭᠠᠭᠳᠠᠬᠤᠨ | ᠪᠠ ᠰᠢᠨ᠎ᠡ ᠨᠤᠲᠠᠯᠠᠯᠲᠠ ᠶᠢ ᠣᠨᠣᠪᠴᠢᠲᠠᠶ ᠡᠵᠡᠮᠰᠢᠬᠦ ᠬᠡᠷᠡᠭᠲᠡᠢ᠃ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ | ᠦᠢᠯᠡᠰ ᠢ ᠬᠥᠭᠵᠢᠭᠦᠯᠬᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠵᠡᠷᠭᠡ ᠠᠵᠢᠯ ᠲᠠᠢ | ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠷ ᠠᠵᠢᠯ ᠦᠢᠯᠡᠳᠦᠯᠭᠡ ᠶᠢ ᠵᠢᠯᠤᠭᠤᠳᠬᠤ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠭᠡᠰᠢᠬᠦᠳ ᠬᠤᠰᠢᠭᠤᠴᠢ ᠵᠢᠱᠢᠶᠡᠴᠢ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠨᠡᠪᠳᠡᠷᠡᠳᠡᠯ᠎ᠠ ᠰᠤᠷᠤᠯᠴᠠᠵᠤ᠂ ᠤᠯᠠᠨ ᠲᠦᠮᠡᠨ ᠲᠠᠢ ᠬᠠᠮᠤᠭ ᠠᠴᠠ ᠣᠶᠢᠷᠠᠲᠤᠭᠰᠠᠨ᠂ ᠤᠯᠠᠨ ᠲᠦᠮᠡᠨ ᠤ | ᠰᠣᠨᠣᠰᠴᠤ ᠤᠶᠢᠯᠠᠭᠠᠭᠤᠰᠢᠳᠠᠢ ᠦᠭᠡ ᠶᠠᠷᠢᠶ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠠᠶᠢᠲᠤᠷ ᠤᠬᠠᠭᠤᠯᠤᠨ᠂ ᠪᠣᠳᠠᠲᠠᠢ ᠠᠵᠢᠯ ᠤᠨ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ ᠬᠤᠷᠠᠯ ᠳᠤ ᠤᠷᠤᠯᠴᠠᠭᠰᠠᠨ ᠨᠠᠮ ᠤᠨ ᠭᠡᠰᠢᠭᠦᠨ | ᠺᠠᠳ᠋ᠷᠴᠤᠳ ︽ᠡᠨᠡ ᠤᠳᠠᠭᠠᠨ ᠤ ᠰᠤᠷᠤᠯᠴᠠᠯᠭ᠎ᠠ ᠪᠠᠷ ᠳᠡᠮᠵᠢᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠴᠢ | ᠬᠤᠯᠪᠣᠭᠳᠠᠯ ᠢ ᠤᠯᠠᠮ ᠬᠦᠨᠵᠡᠬᠡᠢ ᠤᠶᠢᠯᠠᠭᠠᠯ᠎ᠠ᠂ ᠬᠤᠶᠢᠰᠢᠳᠠ ᠶᠢᠨ ᠠᠵᠢᠯ ᠤᠨ ᠳᠤᠮᠳᠠ ᠪᠠᠨ ᠰᠤᠷᠤᠯᠴᠠᠬᠤ | ᠰᠡᠳᠬᠢᠬᠦ ᠬᠡᠷᠡᠭᠯᠡᠬᠦ ᠶᠢ ᠤᠶᠠᠯᠳᠤᠭᠤᠯᠤᠨ᠂ ᠮᠡᠳᠡᠬᠦ ᠢᠲᠡᠭᠡᠬᠦ ᠬᠢᠬᠦ ᠶᠢ ᠨᠢᠭᠡᠳᠬᠡᠵᠦ᠂ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠡᠯ᠎ᠡ ᠲᠦᠷᠦᠯ ᠤᠨ ᠠᠵᠢᠯ ᠤᠨ ᠳᠤᠮᠳᠠ ᠪᠠᠨ ᠲᠤᠤᠱᠯᠠᠭᠤᠯᠤᠨ᠂ ᠴᠤᠭ ᠪᠠᠳᠠᠷᠠᠩᠭᠤᠢ ᠣᠶᠤᠨ | ᠰᠠᠨᠠᠭᠠᠨ ᠤ ᠳᠦᠷᠰᠦ ᠪᠠᠶᠢᠳᠠᠯ ᠪᠠ ᠪᠣᠳᠠᠲᠠᠢ ᠶᠢ ᠡᠷᠬᠢᠮᠯᠡᠬᠦ ᠠᠵᠢᠯ ᠤᠨ ᠤᠪᠤᠷ ᠰᠤᠷᠲᠠᠯ ᠢ ᠢᠮᠠᠭᠲᠠ ᠪᠠᠷᠢᠮᠲᠠᠯᠠᠵᠤ᠂ | ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠣᠶᠤᠨ ᠤᠬᠠᠭᠠᠨ ᠪᠠ | ᠬᠦᠴᠦᠨ ᠴᠢᠳᠠᠯ ᠢᠶᠠᠨ ᠡᠷᠭᠦᠨ᠎ᠡ︾ ᠬᠡᠵᠦ ᠢᠯᠡᠷᠬᠡᠶᠢᠯᠡᠵᠡᠭᠡᠪᠡ᠃ |