ᠶᠦᠩ ᠹᠧᠩ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠬᠠᠮᠲᠤᠷᠠᠭᠰᠠᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2023/3/3
 ᠥᠪᠥᠷ ᠮᠣᠩᠭᠤᠯ ᠤᠨ ᠠᠯᠠᠱᠠ ᠵᠡᠭᠦᠨ ᠬᠤᠰᠢᠭᠤᠨ ᠤ ᠵᠠᠳᠠᠭᠠᠢ ᠨᠡᠭᠦᠷᠡᠰᠦᠨ ᠠᠭᠤᠷᠬᠠᠢ ᠶᠢᠨ  ᠬᠦᠨᠳᠦ ᠠᠳᠡᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠪᠦᠬᠦ ᠣᠷᠣᠨ ᠤ ᠠᠮᠤᠷ ᠲᠦᠪᠰᠢᠨ ᠤ  ᠬᠡᠮ ᠰᠤᠭᠤᠭ ᠢ ᠶᠡᠭᠡ ᠪᠠᠷ ᠪᠠᠶᠢᠴᠠᠭᠠᠵᠤ ᠶᠡᠭᠡ ᠪᠠᠷ ᠴᠡᠭᠴᠡᠯᠡᠬᠦ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ  ᠂ ᠪᠦᠬᠦ ᠤᠯᠤᠰ ᠤᠨ ︽ᠬᠤᠶᠠᠷ ᠬᠤᠷᠠᠯ︾  ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠵᠦ᠂ ᠡᠯ᠎ᠡ ᠲᠦᠷᠦᠯ ᠤᠨ ᠠᠮᠤᠷ ᠲᠦᠪᠰᠢᠨ ᠤ ᠤᠰᠤᠯ ᠠᠳᠡᠯ ᠭᠠᠷᠬᠤ ᠶᠢ ᠡᠷᠡᠰ ᠬᠤᠷᠢᠭᠯᠠᠬᠤ ᠶᠢᠨ ᠲᠦᠯᠦᠭᠡ᠂  3 ᠰᠠᠷ᠎ᠠ ᠶᠢᠨ 1  ᠤ ᠡᠳᠦᠷ ᠶᠦᠩ ᠹᠧᠩ ᠪᠠᠯᠭᠠᠰᠤᠨ ᠤ  ᠵᠠᠰᠠᠭ ᠤᠨ ᠤᠷᠳᠤᠨ ᠨᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠬᠢ᠂ ᠪᠠᠯᠭᠠᠰᠤᠨ ᠤ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠭᠰᠡᠨ ᠪᠠᠶᠢᠨ᠎ᠠ᠃ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠨᠢ ᠤᠷᠢᠳ ᠬᠤᠵᠢᠳ ᠪᠠᠢ ᠰᠢᠤᠸᠠᠢ ᠸᠠᠩ ᠭᠤᠯᠢᠷ ᠤᠨ ᠦᠢᠯᠡᠳᠪᠦᠷᠢ᠂ ᠿᠢ ᠱᠧᠩ ᠴᠠᠩ ᠲᠠᠷᠢᠶᠠᠯᠠᠩ ᠤᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠢᠩ ᠹᠦ᠋ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠹᠧᠩ ᠲᠠᠢ ᠠᠭᠤᠷᠬᠠᠢ ᠶᠢᠨ ᠦᠢᠯᠡᠰ  ᠂ ᠰᠧ ᠬᠠᠢ ᠲᠡᠵᠢᠬᠡᠯ ᠪᠣᠷᠳᠤᠭ᠎ᠠ ᠵᠡᠷᠭᠡ ᠭᠤᠣᠯᠳᠠᠯᠭ᠎ᠠ  ᠲᠠᠢ ᠠᠵᠤ ᠠᠬᠤᠶᠢᠯᠠᠯ ᠳᠤ ᠭᠦᠨᠵᠡᠭᠡᠶᠢᠷᠡᠵᠦ᠂  ᠳᠠᠩᠰᠠ ᠮᠠᠲ᠋ᠧᠷᠢᠶᠠᠯ᠂  ᠲᠤᠨᠤᠭ ᠲᠥᠬᠦᠭᠡᠷᠦᠮᠵᠢ ᠪᠠ ᠭᠤᠣᠯᠳᠠᠯᠭ᠎ᠠ  ᠲᠠᠢ ᠡᠳ᠋ ᠪᠣᠳᠠᠰ ᠢ ᠪᠠᠶᠢᠴᠠᠭᠠᠨ ᠦᠵᠡᠬᠦ ᠬᠡᠯᠪᠡᠷᠢ ᠪᠠᠷ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ᠂ ᠡᠯ᠎ᠡ ᠲᠦᠷᠦᠯ ᠤᠨ ᠠᠶᠤᠯᠬᠦᠢ ᠦᠢᠯᠡᠳᠪᠦᠷᠢᠯᠡᠯ ᠤᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ  ᠰᠡᠷᠭᠡᠶᠢᠯᠡᠬᠦ᠂ ᠴᠠᠬᠢᠯᠭᠠᠨ ᠬᠡᠷᠡᠭᠯᠡᠬᠦ ᠠᠮᠤᠷ ᠲᠦᠪᠰᠢᠨ   ᠤ ᠪᠠᠶᠢᠳᠠᠯ ᠵᠡᠷᠭᠡ ᠳᠤ ᠪᠠᠶᠢᠴᠠᠭᠠᠯᠲᠠ ᠬᠢᠵᠦ᠂  ᠣᠷᠣᠰᠢᠵᠤ ᠪᠠᠶᠢᠭ᠎ᠠ ᠭᠡᠮ ᠰᠣᠭᠤᠭ ᠤᠨ ᠠᠰᠠᠭᠤᠳᠠᠯ ᠢ ᠲᠤᠬᠠᠢ ᠶᠢᠨ ᠲᠠᠯᠠᠪᠤᠷ ᠲᠤ ᠵᠢᠭᠠᠨ ᠭᠠᠷᠭᠠᠵᠤ᠂  ᠲᠤᠭᠳᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠭᠰᠠᠨ ᠤ ᠬᠠᠮᠲᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ  ᠲᠣᠳᠣᠷᠬᠠᠶᠢᠯᠠᠵᠤ᠂ ᠠᠶᠤᠯᠭᠦᠢ ᠦᠢᠯᠡᠳᠪᠦᠷᠢᠯᠡᠯ ᠤᠨ ᠲᠤᠬᠠᠢ ᠦᠵᠡᠯᠲᠡ ᠲᠠᠨᠢᠯᠳᠠ ᠪᠠᠨ ᠴᠢᠩᠭᠠᠳᠬᠠᠨ᠂  ᠠᠯᠮᠠᠶᠢᠷᠠᠵᠤ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠬᠠᠷᠠᠬᠤ ᠪᠤᠳᠤᠯ ᠰᠡᠳᠬᠢᠯᠭᠡ   ᠶᠢ ᠡᠷᠡᠰ ᠲᠡᠪᠴᠢᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠶᠦᠩ ᠹᠧᠩ ᠪᠠᠯᠭᠠᠰᠤᠨ ᠤ ᠬᠢᠨ  ︽ᠡᠷᠬᠢᠨ ᠬᠠᠷᠠᠬᠤ︾ ᠠᠵᠢᠯᠯᠠᠭ᠎ᠠ ᠶᠢ ᠪᠠᠶᠢᠩᠭᠤ   ᠶᠢᠨ ᠴᠢᠨᠠᠷᠳᠠᠢ ᠦᠷᠨᠢᠬᠦᠯᠦᠨ᠂ ᠬᠢᠨᠠᠯᠲᠠ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠠᠷᠢᠯᠭᠠᠨ᠂  ᠠᠮᠤᠷ ᠲᠦᠪᠰᠢᠨ ᠤ  ᠤᠰᠤᠯ ᠠᠳᠡᠯ ᠢ ᠰᠡᠷᠭᠡᠶᠢᠯᠡᠵᠦ᠂  ᠪᠦᠬᠦ ᠤᠯᠤᠰ ᠤᠨ ︽ᠬᠤᠶᠠᠷ ᠬᠤᠷᠠᠯ︾  ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠦᠨᠡᠨᠬᠦ  ᠬᠠᠮᠠᠭᠠᠯᠠᠬᠤ ᠪᠠᠷ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号