2022 ᠤᠨ ᠤ ᠠᠵᠢᠯ ᠤᠨ ᠡᠷᠭᠢᠴᠡᠭᠦᠯᠦᠯ 2
ᠨᠡᠶᠢᠲᠡᠯᠡᠭᠰᠡᠨ ᠴᠠᠭ᠄
2023/3/30
   ︵ᠬᠤᠶᠠᠷ︶  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠯᠠᠪᠳᠠᠭᠤᠨ ᠪᠠᠲᠤᠲᠠᠢ ᠦᠷᠨᠢᠬᠦᠯᠦᠭᠰᠡᠨ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂  ᠵᠧᠩᠵᠧᠦ᠂ ᠷᠧᠨ ᠴᠢᠦ ᠵᠡᠷᠭᠡ ᠭᠠᠵᠠᠷ ᠤᠷᠤᠨ ᠳᠤ  ᠬᠡᠳᠦ ᠬᠠᠲᠠᠭᠤ ᠮᠠᠲ᠋ᠧᠷᠢᠶᠠᠯ ᠤᠨ  ᠠᠵᠤ ᠦᠢᠯᠡᠰ ᠤᠨ ᠬᠡᠯᠬᠢᠶᠡᠨ ᠤ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠪᠣᠯᠣᠨ ᠥᠨᠳᠥᠷ ᠴᠢᠳᠠᠪᠬᠢᠲᠤ  ᠰᠢᠯ ᠰᠢᠷᠬᠡᠭ ᠤᠨ ᠠᠵᠤ ᠦᠢᠯᠡᠰ ᠤᠨ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠢ ᠲᠤᠰᠪᠤᠷᠢ ᠡᠷᠬᠢᠯᠡᠵᠦ᠂ ᠴᠢᠩᠳᠣᠣ ᠂ ᠾᠧᠪᠧᠢ ᠂ ᠾᠧᠨᠠᠨ ᠵᠡᠷᠭᠡ ᠭᠠᠵᠠᠷ ᠤᠷᠤᠨ ᠤ 8 ᠠᠵᠤ ᠠᠬᠤᠶᠢᠯᠠᠯ ᠲᠠᠢ ᠪᠡᠯᠡ ᠣᠷᠣᠭᠤᠯᠤᠯᠲᠠ ᠶᠢᠨ ᠬᠡᠯᠡᠯᠴᠡᠭᠡᠷ ᠢ  ᠲᠤᠭᠳᠠᠭᠠᠳ᠂  ᠰᠢᠯ ᠰᠢᠷᠬᠡᠭ ᠤᠨ ᠬᠠᠮᠢᠶᠠᠳᠠᠢ 10 ᠠᠵᠤ ᠠᠬᠤᠶᠢᠯᠠᠯ  ᠮᠠᠨ ᠤ ᠬᠤᠰᠢᠭᠤᠨ ᠳᠤ ᠢᠷᠡᠵᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠶᠢᠨ ᠬᠠᠮᠲᠤ ᠪᠡᠯᠡ ᠣᠷᠣᠭᠤᠯᠤᠯᠲᠠ ᠶᠢᠨ ᠰᠠᠨᠠᠮᠵᠢ ᠪᠠᠨ ᠲᠣᠭᠲᠠᠭᠠᠵᠤ᠂ ᠨᠢᠭᠡ ᠠᠵᠤ ᠠᠬᠤᠶᠢᠯᠠᠯ ᠨᠢ ᠮᠠᠨ ᠤ ᠬᠤᠰᠢᠭᠤᠨ ᠳᠤ ᠵᠢᠩᠬᠢᠨᠢ ᠪᠠᠷ ᠨᠤᠲᠤᠭᠰᠢᠪᠠ᠃ 7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠶᠢᠨ ᠹᠧᠩ  ᠰᠢᠨᠵᠢᠯᠡᠭᠡ ᠮᠡᠷᠭᠡᠵᠢᠯ ᠤᠨ ᠬᠦᠷᠢᠶᠡᠯᠡᠩ ᠤᠨ ᠪᠣᠬᠢᠷᠳᠤᠯ ᠦᠭᠡᠢ ᠴᠠᠬᠢᠯᠭᠠᠨ ᠬᠠᠩᠭᠠᠯᠭ᠎ᠠ ᠶᠢᠨ ᠲᠦᠷᠦᠯ ᠵᠦᠢᠯ ᠦᠪᠡᠷᠳᠡᠭᠡᠨ ᠵᠠᠰᠠᠬᠤ ᠤᠷᠤᠨ ᠤ ᠬᠤᠶᠠᠳᠤᠭᠠᠷ ᠪᠦᠯᠦᠭ ᠠᠵᠤ ᠦᠢᠯᠡᠳᠪᠦᠷᠢ ᠶᠢᠨ ᠬᠦᠷᠢᠶᠡᠯᠡᠩ ᠤᠨ  ᠪᠣᠬᠢᠷᠳᠤᠯ ᠦᠭᠡᠢ ᠴᠠᠬᠢᠯᠭᠠᠨ ᠬᠠᠩᠭᠠᠯᠭ᠎ᠠ ᠶᠢᠨ ᠲᠦᠷᠦᠯ ᠵᠦᠢᠯ ᠤᠨ ᠨᠠᠷᠢᠨ ᠲᠠᠩᠰᠠᠨ ᠳᠤ ᠤᠷᠤᠵᠤ᠂  ᠺᠠᠢ ᠳ᠋ᠠ ᠲᠦᠮᠦᠰᠦᠨ ᠤ ᠠᠵᠤ ᠦᠢᠯᠡᠰ ᠤᠨ ᠨᠠᠷᠢᠯᠢᠭ ᠡᠳ᠋ᠰᠢᠭᠦᠯᠬᠦ ᠲᠦᠷᠦᠯ ᠵᠦᠢᠯ ᠨᠢ ᠠᠮᠵᠢᠯᠳᠠᠳᠠᠢ  ᠪᠠᠷ ᠭᠡᠷ᠎ᠡ ᠲᠤᠭᠳᠠᠭᠠᠳ  ᠂ ᠡᠯ᠎ᠡ ᠲᠦᠷᠦᠯ ᠤᠨ ᠡᠮᠦᠨᠡᠬᠢ ᠬᠤᠭᠤᠴᠠᠭᠠᠨ ᠤ ᠠᠵᠢᠯ ᠡᠮᠬᠢ ᠵᠢᠷᠤᠮ ᠲᠠᠢ ᠶᠠᠪᠤᠭᠳᠠᠭᠰᠠᠨ ᠪᠠᠶᠢᠨ᠎ᠠ᠃ ᠡᠨᠡ  ᠵᠢᠯ ᠳᠤ᠂ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠭᠰᠡᠨ᠂ ᠠᠵᠤ ᠦᠢᠯᠡᠰ ᠤᠨ ᠬᠡᠯᠬᠢᠶ᠎ᠡ ᠪᠠᠷ ᠣᠷᠳᠣ᠂  ᠨᠦᠯᠦᠭᠡᠯᠡᠨ ᠳᠠᠶᠢᠴᠢᠯᠠᠬᠤ ᠬᠦᠴᠦᠨ ᠢᠶᠠᠷ ᠴᠢᠩᠭ᠎ᠠ ᠨᠢᠭᠡ ᠪᠦᠯᠦᠭ ᠠᠵᠤ ᠦᠶᠢᠯᠡᠰᠵᠢᠯᠲᠡ ᠶᠢᠨ ᠳᠠᠭᠠᠭᠤᠯᠤᠭᠴᠢ ᠲᠥᠷᠥᠯ ᠵᠦᠢᠯ ᠢ ᠵᠠᠯᠭᠠᠭ᠎ᠠ ᠪᠠᠷ ᠨᠠᠶᠢᠳᠠᠪᠤᠷᠢᠵᠢᠭᠤᠯᠵᠠᠢ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号