2022 ᠤᠨ ᠤ ᠠᠵᠢᠯ ᠤᠨ ᠡᠷᠭᠢᠴᠡᠭᠦᠯᠦᠯ 6
ᠨᠡᠶᠢᠲᠡᠯᠡᠭᠰᠡᠨ ᠴᠠᠭ᠄
2023/3/30
︵ᠵᠢᠷᠭᠤᠭ᠎ᠠ︶  ᠬᠠᠪᠰᠤᠷᠤᠨ ᠲᠡᠳᠬᠦᠬᠦ ᠬᠠᠮᠳᠤᠷᠠᠯᠴᠠᠭᠠᠨ ᠤ ᠠᠵᠢᠯ ᠢ ᠭᠦᠨᠵᠡᠭᠡᠢ ᠦᠷᠨᠢᠬᠦᠯᠦᠭᠰᠡᠨ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠠᠰᠢᠭᠲᠠᠢ ᠲᠣᠬᠢᠶᠠᠯ ᠢ  ᠡᠵᠡᠮᠳᠡᠵᠦ  ᠂   ᠲᠠᠢ ᠽᠢ ᠴᠧᠩ  ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ ᠡᠮᠦᠨᠡᠬᠢ ᠬᠤᠭᠤᠴᠠᠭᠠᠨ ᠤ ᠠᠵᠢᠯ   ᠢ ᠤᠷᠤᠭᠰᠢᠲᠠᠢ ᠠᠬᠢᠭᠤᠯᠪᠠ ᠃ ︽ ᠲᠠᠶᠢᠹᠤᠰᠧ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠷᠠᠭᠤᠯᠤᠨ ᠳᠠᠭᠤᠰᠬᠠᠭᠠᠳ᠂ ᠵᠠᠭᠤᠨ ᠮᠦ ᠬᠥᠷᠥᠰᠥ ᠰᠢᠷᠣᠢ ᠶᠢ ᠰᠠᠶᠢᠵᠢᠷᠠᠭᠤᠯᠬᠤ ᠮᠡᠷᠭᠡᠵᠢᠯ ᠤᠨ ᠰᠤᠳᠤᠯᠭᠠᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ︽5321︾ ᠢᠨᠵᠧᠨᠧᠷᠢᠩ᠂ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ 7593 ᠲᠦᠮᠡᠨ ᠲᠥᠭᠦᠷᠢᠭ ᠤᠨ  ᠬᠠᠪᠰᠤᠷᠤᠨ ᠲᠡᠳᠬᠦᠬᠦ ᠪᠡᠯᠡ ᠮᠥᠩᠭᠦ ᠣᠷᠣᠭᠤᠯᠵᠤ᠂  ᠵᠠᠮ ᠵᠠᠰᠠᠬᠤ ᠪᠠ ᠰᠡᠯᠡᠭᠦᠴᠡᠯ ᠤᠨ ᠲᠠᠯᠠᠪᠠᠶ᠂ ᠰᠣᠶᠣᠯ ᠤᠨ ᠠᠵᠢᠯᠯᠠᠭᠠᠨ ᠤ ᠲᠥᠪ᠂ ᠤᠰᠤ ᠤᠮᠳᠠ  ᠰᠢᠢᠳᠪᠦᠷᠢᠯᠡᠬᠦ ᠦᠷᠳᠡᠭᠡᠨ ᠤ ᠪᠠᠶᠢᠭᠤᠯᠤᠯᠳᠠ ᠵᠡᠷᠭᠡ 33 ᠲᠥᠷᠥᠯ ᠵᠦᠢᠯ ᠢ ᠭᠡᠷᠡᠭᠵᠢᠬᠦᠯᠵᠡᠢ᠃  ᠬᠡᠷᠡᠭᠯᠡᠭᠡ ᠪᠠᠷ ᠬᠠᠪᠰᠤᠷᠤᠨ ᠲᠡᠳᠬᠦᠬᠦ ᠤᠬᠠᠭᠤᠯᠭ᠎ᠠ ᠲᠠᠨᠢᠯᠴᠠᠭᠤᠯᠭ᠎ᠠ ᠶᠢ ᠥᠷᠨᠢᠭᠦᠯᠵᠦ᠂ ︽ᠦᠢᠯᠡᠰ ᠪᠦᠳᠦᠬᠡᠵᠦ ᠰᠢᠨ᠎ᠡ ᠶᠢ ᠡᠭᠦᠳᠬᠦ ᠲᠥᠪ︾᠂ ︽832︾᠂ ︽ᠨᠡᠶᠢᠲᠡ ᠳᠤ ᠲᠤᠰᠠᠳᠠᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾ ᠵᠡᠷᠭᠡ ᠲᠠᠪᠴᠠᠩ ᠢᠶᠠᠷ ᠳᠠᠮᠵᠢᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠬᠡᠮᠵᠢᠶ᠎ᠡ 1.91 ᠳ᠋ᠦᠩᠰᠢᠭᠤᠷ ᠲᠥᠭᠦᠷᠢᠭ ᠲᠤ ᠬᠥᠷᠪᠡ᠃ ᠲᠦᠷᠦ ᠶᠢᠨ ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠨᠥᠬᠦᠪᠦᠷᠢ ᠮᠦᠩᠬᠦ ᠪᠠᠷ ᠬᠠᠪᠰᠤᠷᠤᠨ ᠲᠡᠳᠬᠦᠬᠦ ᠵᠡᠷᠭᠡ ᠶᠡᠷᠦᠩᠬᠡᠶᠢᠯᠡᠭᠰᠡᠨ ᠠᠷᠭ᠎ᠠ  ᠪᠤᠳᠤᠯᠭ᠎ᠠ ᠶᠢ ᠠᠪᠴᠤ᠂ ᠪᠡᠭᠡᠵᠢᠩ ᠳᠤ ᠣᠴᠢᠵᠤ ᠠᠵᠢᠯ ᠬᠢᠯᠭᠡᠬᠦ᠂ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠲᠤ ᠠᠵᠢᠯ ᠬᠢᠯᠬᠡᠬᠦ ᠮᠡᠳᠦ ᠶᠢᠨ ᠠᠷᠭ᠎ᠠ ᠪᠠᠷ 3000 ᠭᠠᠷᠤᠢ ᠠᠵᠢᠯ ᠤᠨ ᠪᠠᠶᠢᠷᠢ ᠶᠢ ᠨᠡᠭᠡᠭᠡᠨ᠂   830 ᠭᠠᠷᠤᠢ ᠬᠥᠮᠥᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠪᠡ᠃ 2389 ᠨᠡᠷ᠎ᠡ ᠬᠠᠪᠰᠤᠷᠤᠨ ᠲᠡᠳᠬᠦᠬᠦ ᠺᠠᠳ᠋ᠷ  ᠂  2882 ᠨᠡᠷ᠎ᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ᠂ 4774 ᠨᠡᠷ᠎ᠡ ᠲᠤᠰᠬᠠᠢ ᠮᠡᠷᠭᠡᠵᠢᠯ ᠤᠨ ᠴᠢᠳᠠᠪᠤᠷᠢᠲᠠᠨ ᠢ  ᠪᠤᠯᠪᠠᠰᠤᠷᠠᠭᠤᠯᠵᠤ ᠬᠦᠮᠦᠵᠢᠬᠦᠯᠦᠭᠡᠳ᠂  ᠦᠨᠳᠦᠰᠦᠨ ᠱᠠᠲᠤᠨ ᠤ ᠺᠠᠳ᠋ᠷ ᠪᠣᠯᠣᠨ ᠮᠡᠷᠭᠡᠵᠢᠯ ᠤᠨ ᠠᠵᠢᠯᠲᠠᠨ ᠤ ᠤᠨᠤᠯ ᠤᠨ ᠲᠦᠪᠰᠢᠨ᠂  ᠠᠵᠢᠯ ᠤᠨ  ᠴᠢᠳᠠᠪᠤᠷᠢ  ᠬᠢᠭᠡᠳ ᠦᠢᠯᠡᠴᠢᠯᠡᠭᠡᠨ ᠤ ᠤᠬᠠᠮᠰᠠᠷ  ᠶᠡᠭᠡ ᠬᠡᠮᠵᠢᠶ᠎ᠡ ᠪᠠᠷ ᠲᠡᠭᠡᠭᠰᠢᠯᠡᠵᠦ ᠢᠷᠡᠭᠰᠡᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号