2022 ᠤᠨ ᠤ ᠠᠵᠢᠯ ᠤᠨ ᠡᠷᠭᠢᠴᠡᠭᠦᠯᠦᠯ 7
ᠨᠡᠶᠢᠲᠡᠯᠡᠭᠰᠡᠨ ᠴᠠᠭ᠄
2023/3/30
 ︵ᠳᠣᠯᠤᠭ᠎ᠠ︶ ᠬᠤᠲᠠ ᠬᠥᠳᠡᠭᠡ ᠶᠢᠨ ᠰᠠᠭᠤᠷᠢ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠤᠭᠰᠠᠨ᠃ 1.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 4.1 ᠺᠢᠯᠤᠮᠧᠲᠷ ᠬᠤᠳᠠ ᠶᠢᠨ ᠵᠠᠮ ᠢ ᠰᠢᠨ᠎ᠡ ᠪᠠᠷ ᠪᠠᠶᠢᠭᠤᠯᠤᠨ᠂ 1. 5 ᠲᠦᠮᠡᠨ ᠬᠠᠪᠳᠠᠭᠠᠢ ᠳᠥᠷᠪᠡᠯᠵᠢᠨ ᠮᠧᠲᠷ ᠵᠡᠭᠡᠯᠢ ᠭᠤᠳᠤᠮᠵᠢ ᠶᠢ ᠳᠡᠪᠢᠰᠦᠨ ᠬᠠᠲᠠᠭᠤᠷᠠᠭᠤᠯᠵᠤ᠂ ᠨᠣᠭᠤᠭᠠᠷᠠᠭᠤᠯᠤᠯᠲᠠ ᠶᠢᠨ ᠲᠠᠯᠠᠪᠠᠢ ᠶᠢ 8.8 ᠲᠦᠮᠡᠨ ᠬᠠᠪᠳᠠᠭᠠᠢ ᠳᠥᠷᠪᠡᠯᠵᠢᠨ ᠮᠧᠲᠷ  ᠨᠡᠮᠡᠭᠳᠡᠭᠦᠯᠦᠨ᠂  ᠵᠡᠭᠡᠯᠢ ᠶᠢᠨ ᠳ᠋ᠧᠩ 180 ᠶᠢ ᠤᠭᠰᠠᠷᠠᠪᠠ᠃ ᠤᠰᠤ ᠬᠠᠩᠭᠠᠬᠤ ᠢᠯᠴᠢ ᠬᠠᠩᠭᠠᠬᠤ ᠪᠠ ᠪᠣᠷᠣᠭᠠᠨ  ᠤ ᠤᠰᠤ  ᠪᠤᠬᠢᠷ ᠤᠰᠤ ᠶᠢ  ᠰᠠᠯᠭᠠᠨ ᠤᠷᠤᠰᠬᠠᠬᠤ  ᠲᠦᠬᠦᠭᠡᠷᠦᠮᠵᠢ ᠶᠢᠨ  ᠦᠬᠡᠷᠡᠴᠢᠯᠡᠯᠳᠡ ᠶᠢ ᠬᠢᠵᠦ᠂  ᠤᠰᠤ ᠬᠠᠩᠭᠠᠬᠤ ᠬᠤᠭᠤᠯᠠᠢ 11 ᠺᠢᠯᠣᠮᠧᠲᠷ᠂ ᠢᠯᠴᠢ ᠬᠠᠩᠭᠠᠬᠤ ᠬᠤᠭᠤᠯᠠᠢ  13 ᠺᠢᠯᠣᠮᠧᠲᠷ᠂ ᠪᠣᠷᠣᠭᠠᠨ ᠤ ᠤᠰᠤᠨ ᠤ ᠬᠤᠭᠤᠯᠠᠢ 7.9 ᠺᠢᠯᠣᠮᠧᠲᠷ᠂ ᠪᠣᠬᠢᠷ ᠤᠰᠤᠨ ᠤ ᠬᠤᠭᠤᠯᠠᠢ  6.9 ᠺᠢᠯᠣᠮᠧᠲᠷ ᠲᠡᠪᠢᠰᠴᠡᠢ᠃  ᠪᠤᠤᠴᠠᠩ ᠭᠤᠣᠯ ᠤᠨ ᠪᠠᠷᠠᠭᠤᠨ ᠭᠤᠯᠳᠤᠩ ᠤᠨ ᠲᠡᠷᠭᠡᠨ ᠵᠣᠭᠰᠣᠭᠠᠯ᠂  ᠲᠡᠷᠭᠡᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠢ᠂ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠢᠨᠵᠧᠨᠧᠷᠢᠩ  ᠵᠡᠷᠭᠡ ᠶᠢ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠲᠠᠭᠤᠰᠬᠠᠪᠠ᠃ ᠲᠠᠷᠢᠶᠠᠯᠠᠩ ᠤᠨ ᠠᠷᠠᠯᠵᠢᠶᠠᠨ ᠤ ᠶᠡᠷᠦᠩᠬᠡᠶᠢᠯᠡᠭᠰᠡᠨ ᠲᠣᠮᠣ ᠵᠠᠬ᠎ᠠ   ᠶᠢ ᠡᠬᠢᠯᠡᠨ ᠪᠠᠶᠢᠭᠤᠯᠵᠤ᠂  ᠯᠦᠸᠧ ᠲᠦᠸᠧ ᠱᠠᠨ ᠮᠤᠬᠤᠷ ᠵᠠᠮ ᠢ ᠨᠡᠪᠳᠡᠷᠡᠬᠦᠯᠦᠨ᠂   ᠼᠠᠢ ᠶᠤᠸᠠᠨ ᠲᠣᠰᠬᠤᠨ ᠤ ᠨᠤᠷᠠᠭᠠᠵᠤ ᠨᠡᠭᠦᠯᠭᠡᠬᠦ ᠠᠵᠢᠯ ᠢ ᠤᠷᠤᠭᠰᠢᠲᠠᠢ ᠠᠬᠢᠭᠤᠯᠵᠤ᠂  ᠶᠠᠩ ᠭᠤᠸᠠᠩ ᠲᠠᠪᠤᠳᠤᠭᠠᠷ ᠬᠤᠭᠤᠴᠠᠭᠠᠨ ᠤ ᠰᠠᠭᠤᠭᠠᠯᠢ ᠲᠤᠭᠤᠷᠢᠭ ᠤᠨ ᠪᠠᠶᠢᠭᠤᠯᠤᠯᠳᠠ ᠶᠢ ᠡᠬᠢᠯᠡᠬᠦᠯᠦᠭᠰᠡᠨ ᠪᠦᠭᠡᠳ 10 ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠵᠠᠰᠠᠬᠤ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠪᠠ᠃ ︽304︾ ᠮᠤᠵᠢ ᠶᠢᠨ ᠵᠠᠮ ᠤᠨ ᠪᠦᠦ ᠹᠧᠩ ᠱᠤᠭᠤᠮ᠂ ᠰᠢ ᠵᠦᠩ ᠱᠤᠭᠤᠮ  ᠲᠡᠷᠭᠡ  ᠨᠡᠪᠳᠡᠷᠡᠵᠡᠢ᠃ ᠬᠤᠰᠢᠭᠤ ᠲᠤᠭᠤᠷᠢᠭ ᠲᠤ  3 ᠵᠤᠷᠪᠤᠰ ᠨᠡᠶᠢᠲᠡ ᠶᠢᠨ ᠮᠠᠰᠢᠨ ᠤ ᠱᠤᠭᠤᠮ ᠢ ᠰᠢᠨ᠎ᠡ ᠪᠠᠷ ᠨᠡᠪᠳᠡᠷᠡᠬᠦᠯᠦᠨ᠂ 5 ᠰᠠᠤᠷᠢ ᠰᠢᠨ᠎ᠡ ᠡᠨᠧᠷᠭᠢ ᠶᠢᠨ ᠮᠠᠰᠢᠨ ᠨᠡᠮᠡᠵᠦ᠂  ᠬᠤᠳᠠ ᠪᠠᠯᠭᠠᠰᠤᠨ ᠤ ᠨᠡᠶᠢᠲᠡ ᠶᠢᠨ ᠮᠠᠰᠢᠨ ᠤ ᠪᠠᠲᠤᠯᠠᠭ᠎ᠠ ᠶᠢ ᠨᠦᠬᠦᠪᠦᠷᠢᠯᠡᠪᠡ᠃ ︽ᠳᠥᠷᠪᠡᠨ ᠰᠠᠶᠢᠨᠲᠠᠢ ᠬᠥᠳᠡᠭᠡ ᠶᠢᠨ ᠵᠠᠮ︾ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂  ᠠᠶᠢᠯ ᠬᠤᠳᠠᠨ ᠤ ᠬᠤᠭᠤᠷᠤᠨᠳᠤᠬᠢ  17.4 ᠺᠢᠯᠣᠮᠧᠲᠷ ᠵᠠᠮ ᠢ  ᠪᠠᠶᠢᠭᠤᠯᠵᠤ ᠡᠬᠢᠯᠡᠭᠰᠡᠨ ᠪᠦᠭᠡᠳ ᠮᠠᠯᠵᠢᠬᠤ ᠲᠠᠷᠢᠶᠠᠯᠠᠬᠤ ᠣᠷᠣᠨ ᠤ 26.5 ᠺᠢᠯᠣᠮᠧᠲᠷ ᠵᠠᠰᠠᠮᠠᠯ ᠵᠠᠮ ᠢ ᠠᠷᠠᠴᠢᠯᠠᠨ ᠬᠠᠮᠠᠭᠠᠯᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠠᠭᠠᠯᠠᠯᠲᠠ ᠶᠢ 7.5 ᠺᠢᠯᠣᠮᠧᠲᠷ ᠲᠤ ᠪᠡᠶᠡᠯᠡᠬᠦᠯᠪᠡ᠃ 4A ᠲᠠᠰ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠭᠠᠵᠠᠷ ᠰᠣᠩᠭᠤᠬᠤ ᠶᠢ ᠪᠡᠶᠡᠯᠡᠭᠦᠯᠵᠦ᠂ ᠡᠮᠦᠨᠡᠬᠢ ᠬᠤᠭᠤᠴᠠᠭᠠᠨ ᠤ ᠠᠵᠢᠯ ᠢ ᠤᠷᠤᠭᠰᠢᠲᠠᠢ ᠠᠬᠢᠭᠤᠯᠪᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号