︵ᠨᠠᠢᠮᠠ︶ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠢ ᠬᠦᠴᠦᠯᠡᠨ ᠬᠦᠭᠵᠢᠬᠦᠯᠦᠭᠰᠡᠨ᠃ 11004 | ᠠᠵᠢᠯ ᠤᠨ ᠪᠠᠶᠢᠷᠢ ᠶᠢ ᠨᠡᠭᠡᠭᠡᠵᠦ᠂ ᠬᠤᠲᠠ ᠪᠠᠯᠭᠠᠰᠤᠨ ᠤ 1004 ᠬᠥᠮᠥᠨ ᠳᠤ ᠠᠵᠢᠯ ᠤᠯᠭᠤᠨ᠂ 1231 | ᠲᠦᠮᠡᠨ ᠲᠥᠭᠦᠷᠢᠭ ᠤᠨ ᠦᠢᠯᠡᠰ ᠪᠦᠳᠦᠬᠡᠬᠦ ᠪᠠᠳᠤᠯᠠᠭᠠᠳᠤ ᠵᠢᠭᠡᠯᠡᠯᠭᠡ ᠲᠠᠷᠬᠠᠭᠠᠵᠠᠢ᠃ ᠴᠠᠯᠢᠩ ᠥᠷᠢᠲᠦᠬᠦ | ᠠᠵᠢᠯᠯᠠᠭ᠎ᠠ ᠶᠢ ᠬᠠᠤᠯᠢ ᠶᠣᠰᠣᠭᠠᠷ ᠦᠨᠳᠦᠰᠦᠨ ᠠᠴᠠ ᠨᠢ ᠵᠠᠰᠠᠵᠤ᠂ ᠬᠥᠯᠥᠰᠦᠨ ᠠᠵᠢᠯᠴᠢᠨ ᠳᠤ ᠦᠷᠢᠳᠦᠭᠰᠡᠨ | 850 ᠲᠦᠮᠡᠨ ᠲᠥᠭᠦᠷᠢᠭ ᠤᠨ ᠴᠠᠯᠢᠩ ᠢ ᠨᠡᠬᠡᠮᠵᠢᠯᠡᠨ ᠠᠪᠴᠢᠷᠠᠪᠠ᠃ ᠦᠨᠳᠦᠰᠦᠨ ᠵᠦᠢᠯ ᠢ ᠪᠠᠲᠤᠯᠠᠬᠤ | ᠪᠠᠳᠤᠯᠠᠭᠠᠨ ᠤ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠯ᠎ᠡ | ᠲᠥᠷᠥᠯ ᠤᠨ ᠪᠡᠯᠡ ᠮᠥᠩᠭᠦ ᠶᠢ 4.1 ᠳ᠋ᠦᠩᠰᠢᠭᠤᠷ ᠲᠥᠭᠦᠷᠢᠭ ᠲᠠᠷᠭᠠᠭᠠᠨ᠂ ᠨᠠᠰᠤᠵᠢᠯ ᠤᠨ ᠠᠰᠠᠷᠠᠮᠵᠢ ᠶᠢᠨ | ᠮᠥᠩᠭᠦ ᠶᠢ 6.26 ᠳ᠋ᠦᠩᠰᠢᠭᠤᠷ ᠲᠥᠭᠦᠷᠢᠭ ᠲᠠᠷᠬᠠᠭᠠᠵᠤ᠂ 2.44 ᠳ᠋ᠦᠩᠰᠢᠭᠤᠷ ᠲᠥᠭᠦᠷᠢᠭ ᠡᠮ ᠡᠮᠨᠡᠯᠭᠡ ᠶᠢᠨ | ᠵᠠᠷᠤᠳᠠᠯ ᠢ ᠲᠠᠩᠰᠠᠨ ᠠᠴᠠ ᠴᠠᠶᠢᠷᠠᠭᠤᠯᠪᠠ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠲᠠᠢ ᠬᠦᠮᠦᠰ᠂ | ᠵᠡᠮᠳᠡᠭ ᠬᠦᠮᠦᠰ ᠵᠡᠷᠭᠡ ᠬᠦᠴᠢᠷᠳᠡᠯᠲᠡᠢ ᠴᠤᠭᠴᠠᠰ ᠲᠤ 1.34 ᠳ᠋ᠦᠩᠰᠢᠭᠤᠷ ᠲᠥᠭᠦᠷᠢᠭ ᠤᠨ ᠨᠥᠬᠦᠪᠦᠷᠢ | ᠣᠯᠭᠤᠵᠤ᠂ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠮᠥᠩᠭᠦ᠂ ᠣᠷᠣᠨ ᠨᠤᠲᠤᠭ ᠤᠨ ᠠᠵᠤ | ᠠᠬᠤᠢ ᠶᠢᠨ ᠲᠤᠰᠠᠯᠠᠮᠵᠢ ᠶᠢᠨ ᠮᠥᠩᠭᠦ ᠵᠢᠴᠢ ᠠᠰᠠᠷᠠᠨ ᠬᠠᠷᠠᠭᠠᠯᠵᠠᠬᠤ ᠡᠲᠡᠭᠡᠳ ᠤᠨ ᠠᠮᠢᠳᠤᠷᠠᠯ ᠤᠨ | ᠲᠤᠰᠠᠯᠠᠮᠵᠢ ᠶᠢᠨ ᠮᠥᠩᠭᠦ ᠶᠢ 1050 ᠲᠦᠮᠡᠨ ᠲᠥᠭᠦᠷᠢᠭ ᠲᠠᠷᠬᠠᠭᠠᠪᠠ᠃ 11 ᠰᠠᠭᠤᠷᠢ ᠳᠤᠮᠳᠠᠳᠤ ᠪᠠᠭ᠎ᠠ | ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠰᠠᠭᠤᠷᠢ ᠲᠦᠬᠦᠭᠡᠷᠦᠮᠵᠢ ᠶᠢ ᠰᠡᠯᠪᠢᠨ ᠵᠠᠰᠠᠵᠤ᠂ ᠨᠢᠭᠡᠳᠦᠭᠡᠷ | ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠡᠭᠦᠳᠡᠨ ᠤ ᠥᠭᠡᠷᠡᠴᠢᠯᠡᠯᠲᠡ ᠶᠢ ᠪᠡᠶᠡᠯᠡᠭᠦᠯᠦᠨ᠂ | ᠲᠠᠪᠤᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠶ ᠶᠢ ᠠᠰᠢᠭᠯᠠᠯᠲᠠ ᠳᠤ ᠤᠷᠤᠭᠤᠯᠵᠠᠢ᠃ 64 ᠨᠡᠷ᠎ᠡ | ᠪᠠᠭᠰᠢ ᠶᠢ ᠤᠷᠢᠨ ᠬᠡᠷᠡᠭᠯᠡᠵᠦ᠂ 7 ᠨᠡᠷ᠎ᠡ ᠰᠢᠯᠢᠳᠡᠭ ᠪᠠᠭᠰᠢ ᠶᠢ ᠤᠷᠢᠵᠤ ᠤᠷᠤᠭᠤᠯᠤᠨ᠂ ᠰᠢᠯᠢᠳᠡᠭ ᠪᠠᠭᠰᠢ ᠶᠢᠨ | ᠠᠵᠢᠯ ᠤᠨ ᠪᠦᠲᠦᠮᠵᠢ ᠶᠢᠨ ᠱᠠᠩᠨᠠᠯ 135 ᠲᠦᠮᠡᠨ ᠲᠥᠭᠦᠷᠢᠭ ᠢ ᠣᠯᠭᠤᠵᠤ᠂ ᠠᠩᠭᠢ ᠶᠢᠨ ᠡᠷᠬᠢᠯᠡᠭᠴᠢ ᠶᠢᠨ | ᠨᠦᠬᠦᠪᠦᠷᠢ ᠶᠢ ᠶᠡᠭᠡ ᠪᠠᠷ ᠳᠡᠭᠡᠭᠰᠢᠯᠡᠭᠦᠯᠪᠡ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠵᠦ ᠰᠢᠢᠳᠪᠦᠷᠢᠯᠡᠬᠦ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ | ᠡᠪᠡᠳᠴᠢᠨ ᠤ ᠲᠣᠭᠤᠷᠢᠭ᠂ ᠡᠪᠡᠳᠴᠢᠨ ᠲᠠᠬᠤᠯ ᠰᠡᠷᠭᠡᠶᠢᠯᠡᠨ ᠡᠵᠡᠮᠳᠡᠬᠦ ᠲᠥᠪ ᠤᠨ ᠲᠤᠷᠰᠢᠯᠲᠠ ᠶᠢᠨ ᠠᠰᠠᠷ᠂ | ᠲᠢᠶᠠᠨ ᠢ ᠨᠠᠰᠤᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠤᠷᠤᠭᠤᠯᠤᠨ᠂ | ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠢ ᠪᠠᠷᠢᠯᠭ᠎ᠠ ᠡᠬᠢᠯᠡᠬᠦᠯᠦᠭᠰᠡᠨ ᠤ ᠬᠠᠮᠳᠤ | ᠂ 28 ᠨᠡᠷ᠎ᠡ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠤᠷᠢᠵᠤ᠂ ᠡᠮᠨᠡᠯᠭᠡ ᠶᠢᠨ | ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠬᠦᠯᠵᠡᠢ᠃ ᠦᠷᠡᠭᠳᠡᠭᠰᠡᠨ ᠪᠠᠭᠠᠲᠤᠷᠴᠤᠳ ᠤᠨ | ᠤᠩᠭᠤᠨ ᠤ ᠦᠬᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠦᠨᠳᠦᠰᠦᠨ ᠳᠡᠭᠡᠨ ᠳᠠᠭᠤᠰᠬᠠᠵᠤ᠂ | ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠪᠠ ᠣᠷᠣᠰᠢᠭᠤᠯᠭ᠎ᠠ ᠶᠢᠨ ᠤᠷᠳᠤᠨ ᠤ ᠥᠷᠭᠡᠳᠬᠡᠨ ᠪᠠᠶᠢᠭᠤᠯᠬᠤ | ᠢᠨᠵᠧᠨᠧᠷᠢᠩ᠂ ᠨᠡᠶᠢᠲᠡ ᠶᠢᠨ ᠤᠩᠭᠤᠨ ᠤ ᠪᠠᠶᠢᠭᠤᠯᠤᠯᠳᠠ ᠵᠡᠷᠭᠡ ᠲᠦᠷᠦᠯ ᠵᠦᠢᠯ ᠢ ᠲᠦᠷᠭᠡᠳᠭᠡᠨ ᠠᠬᠢᠭᠤᠯᠪᠠ᠃ | ᠪᠥᠬᠦ ᠵᠢᠯ ᠳᠤ ᠠᠷᠠᠳ ᠤᠨ ᠠᠮᠢᠳᠤᠷᠠᠯ ᠤᠨ ᠵᠠᠷᠤᠯᠭ᠎ᠠ 18.5 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ | ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 88% ᠶᠢ ᠡᠵᠡᠯᠡᠭᠰᠡᠨ ᠪᠠᠶᠢᠨ᠎ᠠ᠃ |