2022 ᠤᠨ ᠤ ᠠᠵᠢᠯ ᠤᠨ ᠡᠷᠭᠢᠴᠡᠭᠦᠯᠦᠯ 9
ᠨᠡᠶᠢᠲᠡᠯᠡᠭᠰᠡᠨ ᠴᠠᠭ᠄
2023/3/30
   ︵ᠶᠢᠰᠦ︶ ᠠᠮᠢ ᠠᠬᠤᠢ ᠶᠢᠨ ᠬᠠᠮᠠᠭᠠᠯᠠᠯᠲᠠ ᠪᠠ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠭᠰᠠᠨ᠃  ᠭᠤᠣᠯ ︵ᠨᠠᠭᠤᠷ︶   ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ 20 ᠬᠠᠪᠳᠠᠭᠠᠢ ᠳᠥᠷᠪᠡᠯᠵᠢᠨ ᠺᠢᠯᠤᠮᠧᠲᠷ ᠪᠠᠭ᠎ᠠ ᠰᠠᠪᠠ ᠭᠠᠵᠠᠷ  ᠂ 6.5 ᠺᠢᠯᠤᠮᠧᠲᠷ ᠭᠤᠣᠯ ᠤᠨ ᠵᠠᠮ ᠪᠤᠶᠤ ᠦᠶᠡᠷ ᠵᠠᠯᠠᠬᠤ ᠭᠤᠣ  ᠶᠢᠨ ᠶᠡᠷᠦᠩᠬᠡᠶᠢᠯᠡᠭᠰᠡᠨ ᠵᠠᠰᠠᠯᠳᠠ ᠶᠢ ᠬᠢᠭᠰᠡᠨ ᠪᠦᠭᠡᠳ ᠣᠶ ᠶᠢᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠵᠠᠷ ᠰᠢᠷᠤᠢ ᠶᠢ ᠨᠣᠭᠤᠭᠠᠷᠠᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠦᠨ᠂ 7148 ᠮᠦ ᠭᠤᠣᠯᠳᠠᠯᠭ᠎ᠠ ᠲᠠᠢ ᠣᠷᠣᠨ ᠪᠦᠰᠡ  ᠶᠢ ᠨᠣᠭᠤᠭᠠᠷᠠᠭᠤᠯᠵᠦ᠂ 1000 ᠮᠦ ᠶᠢ ᠬᠥᠮᠥᠨ ᠤ ᠬᠦᠴᠦ ᠪᠠᠷ  ᠤᠶᠢᠵᠢᠭᠤᠯᠤᠨ᠂ 1.5 ᠲᠦᠮᠡᠨ ᠮᠦ ᠤᠢ ᠮᠤᠳᠤ ᠶᠢ ᠨᠦᠬᠦᠨ ᠳᠠᠷᠢᠵᠤ᠂ 2 ᠲᠦᠮᠡᠨ ᠮᠦ ᠣᠶ ᠰᠢᠭᠤᠢ ᠶᠢ ᠠᠷᠠᠴᠢᠯᠠᠨ  ᠪᠤᠶᠢᠵᠢᠭᠤᠯᠵᠠᠢ᠃ ᠮᠠᠯᠵᠢᠬᠤ ᠣᠷᠣᠨ   ᠳᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠤᠯᠠᠷᠢᠯ ᠤᠨ ᠴᠢᠨᠠᠷᠲᠠᠢ ᠪᠡᠯᠴᠢᠭᠡᠷ  ᠰᠡᠷᠬᠦᠬᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠭᠤᠷᠪᠠᠳᠤᠭᠠᠷ ᠡᠭᠡᠯᠵᠢ ᠶᠢᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠠᠮᠢᠳᠤᠷᠠᠯ ᠤᠨ ᠪᠤᠬᠢᠷ ᠤᠰᠤ ᠪᠠ ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠠᠢ᠂ ᠡᠮᠨᠡᠯᠭᠡ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠪ ᠢ ᠪᠠᠷᠢᠮᠵᠢᠶ᠎ᠠ ᠳᠤ ᠬᠦᠷᠭᠡᠨ ᠠᠵᠢᠯᠯᠠᠭᠤᠯᠵᠤ᠂ ᠲᠣᠭᠤᠭᠠᠨ ᠭᠡᠷ ᠤᠨ ᠬᠤᠭ ᠨᠣᠪᠰᠢ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠲᠦᠷᠦᠯ ᠵᠦᠢᠯ ᠢ ᠲᠦᠷᠭᠡᠳᠭᠡᠨ ᠠᠬᠢᠭᠤᠯᠪᠠ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠡᠯ᠎ᠡ ᠱᠠᠲᠤᠨ ᠤ ᠡᠯ᠎ᠡ ᠲᠦᠷᠦᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠠᠯᠬᠤᠮ ᠲᠠᠷᠠᠭᠠᠯᠠᠯ ᠲᠠᠢ ᠶᠠᠪᠤᠭᠳᠠᠨ᠂  ᠡᠪᠦᠯ ᠤᠨ ᠤᠯᠠᠷᠢᠯ ᠤᠨ ᠤᠯᠢᠮᠫᠢᠺ   ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠤᠳ ᠤᠨ ᠤᠯᠢᠮᠫᠢᠺ   ᠤᠨ ᠴᠤᠭᠯᠠᠭᠠᠨ ᠤ ᠬᠤᠭᠤᠴᠠᠭᠠᠨ ᠳᠠᠬᠢ ᠠᠭᠠᠷ ᠤᠨ ᠴᠢᠨᠰᠠᠭ᠎ᠠ ᠶᠢ  ᠪᠠᠲᠤᠯᠠᠬᠤ ᠡᠭᠦᠷᠭᠡ ᠶᠢ ᠠᠮᠵᠢᠯᠲᠠ ᠲᠠᠢ  ᠪᠡᠶᠡᠯᠡᠬᠦᠯᠦᠭᠰᠡᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号