2022 ᠤᠨ ᠤ ᠠᠵᠢᠯ ᠤᠨ ᠡᠷᠭᠢᠴᠡᠭᠦᠯᠦᠯ 10
ᠨᠡᠶᠢᠲᠡᠯᠡᠭᠰᠡᠨ ᠴᠠᠭ᠄
2023/3/30
 ︵ᠠᠷᠪᠠ︶ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠬᠠᠮᠠᠭᠠᠯᠠᠭᠰᠠᠨ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠦᠷᠦᠯ ᠤᠨ ᠬᠠᠤᠯᠢ ᠪᠤᠰᠤ ᠶᠠᠯᠠᠲᠤ ᠠᠵᠢᠯᠯᠠᠭ᠎ᠠ ᠶᠢ ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠬᠦ ᠪᠠ ᠴᠢᠩᠭ᠎ᠠ ᠴᠣᠬᠢᠯᠲᠠ ᠦᠭᠴᠡᠢ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠵᠥᠷᠢᠴᠡᠯ ᠵᠢᠭᠤᠷᠠᠭᠠᠨ ᠢ ᠬᠠᠤᠯᠢ ᠶᠣᠰᠣᠭᠠᠷ ᠡᠶᠡᠳᠡᠭᠦᠯᠦᠨ ᠰᠢᠢᠳᠪᠦᠷᠢᠯᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠦᠯᠦ ᠬᠥᠳᠡᠯᠬᠦ ᠬᠥᠷᠥᠩᠭᠡ ᠶᠢᠨ ᠦᠨᠡᠮᠯᠡᠯ ᠳᠤ ᠬᠤᠯᠪᠤᠭᠳᠠᠭᠰᠠᠨ 1065 ᠭᠡᠷᠡᠭ ᠢ ᠰᠢᠢᠳᠪᠦᠷᠢᠯᠡᠭᠡᠳ᠂ ᠤᠯᠠᠨ ᠲᠦᠮᠡᠨ ᠤ ᠰᠣᠷᠪᠤᠯᠵᠢᠯᠠᠭ᠎ᠠ  ᠬᠢᠬᠦ ᠤᠳᠠᠭ᠎ᠠ ᠲᠠᠷᠠᠭ᠎ᠠ ᠪᠠ ᠬᠥᠮᠥᠨ ᠲᠤᠭ᠎ᠠ ᠲᠤᠰᠪᠤᠷᠢ 42% ᠪᠠ 57% ᠪᠠᠷ ᠪᠠᠭᠤᠷᠠᠪᠠ᠃  ᠡᠪᠦᠯ ᠤᠨ ᠤᠯᠠᠷᠢᠯ ᠤᠨ ᠤᠯᠢᠮᠫᠢᠺ   ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠤᠳ ᠤᠨ ᠤᠯᠢᠮᠫᠢᠺ   ᠤᠨ ᠴᠤᠭᠯᠠᠭᠠᠨ ᠵᠢᠴᠢ ᠨᠠᠮ ᠤᠨ ᠬᠤᠷᠢᠳᠤᠭᠠᠷ ᠶᠡᠭᠡ ᠬᠤᠷᠠᠯ  ᠵᠡᠷᠭᠡ ᠴᠢᠬᠤᠯᠠ ᠴᠠᠭ ᠬᠤᠭᠤᠴᠠᠭᠠᠨ ᠤ  ᠠᠮᠤᠷ  ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃  ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠨᠡᠭᠦᠷᠡᠰᠦᠨ ᠤ ᠪᠤᠰᠤ ᠠᠭᠤᠷᠬᠠᠢ᠂ ᠨᠡᠭᠦᠷᠡᠰᠦᠨ ᠬᠡᠢ᠂ ᠰᠢᠲᠠᠮᠠᠬᠠᠢ ᠬᠡᠢ᠂ ᠪᠠᠷᠢᠯᠭ᠎ᠠ ᠶᠢᠨ ᠠᠵᠢᠯ ᠵᠡᠷᠭᠡ ᠬᠦᠷᠢᠶ᠎ᠡ ᠴᠠᠷᠠᠭᠠᠨ ᠤ  ᠠᠮᠤᠷ ᠲᠦᠪᠰᠢᠨ ᠤ ᠬᠡᠮ ᠰᠤᠭᠤᠭ ᠤᠨ ᠪᠠᠶᠢᠴᠠᠭᠠᠯᠳᠠ ᠪᠠ ᠴᠡᠭᠴᠡᠯᠡᠯᠳᠡ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠠᠮᠰᠢᠭ ᠠᠴᠠ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠬᠢᠷᠢ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠤᠯᠠᠮ ᠴᠢᠩᠭᠠᠳᠬᠠᠭᠰᠠᠨ ᠢᠶᠠᠷ  ᠂ ᠪᠥᠬᠦ ᠵᠢᠯ ᠳᠤ ᠠᠶᠤᠯᠬᠦᠢ ᠦᠢᠯᠡᠳᠪᠦᠷᠢᠯᠡᠯ ᠤᠨ ᠬᠦᠨᠳᠦ ᠶᠡᠭᠡ ᠤᠰᠤᠯ ᠡ᠊ᠨᠳᠡᠯ ᠭᠠᠷᠤᠭᠰᠠᠨ ᠦᠭᠡᠢ᠃ ︽ᠳᠥᠷᠪᠡᠨ ᠡᠷᠳᠡ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠬᠡᠯᠬᠢᠶᠡᠨ ᠤ ᠬᠠᠮᠢᠶᠠᠷᠤᠯᠲᠠ ᠪᠠ ᠡᠵᠡᠮᠳᠡᠯ ᠢ ᠴᠢᠩᠭᠠᠳᠬᠠᠨ᠂ ᠠᠷᠠᠳ ᠣᠯᠠᠨ ᠤ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠪᠠ᠃ ᠠᠯᠪᠠᠨ ᠲᠤᠰᠢᠶᠠᠯᠲᠠᠨ ᠤ ᠡᠷᠡᠭᠦᠯ ᠪᠤᠰᠤ ᠵᠢᠭᠡᠯᠡᠯᠭᠡ ᠶᠢ ᠴᠡᠪᠡᠷᠯᠡᠬᠦ ᠠᠵᠢᠯ ᠢ ᠥᠷᠨᠢᠭᠦᠯᠵᠦ᠂ ᠲᠣᠰᠬᠤᠨ ᠪᠠᠯᠭᠠᠰᠤᠨ ᠤ ᠪᠠᠩᠬᠢ   ᠨᠢ ᠦᠨᠳᠦᠷ ᠲᠦᠭᠰᠢᠭᠦᠷᠢ ᠶᠢᠨ ᠵᠢᠬᠰᠠᠭᠠᠯᠳᠠ ᠠᠴᠠ ᠭᠠᠷᠤᠭᠰᠠᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号