2022 ᠤᠨ ᠤ ᠠᠵᠢᠯ ᠤᠨ ᠡᠷᠭᠢᠴᠡᠭᠦᠯᠦᠯ 11
ᠨᠡᠶᠢᠲᠡᠯᠡᠭᠰᠡᠨ ᠴᠠᠭ᠄
2023/3/30
 ︵ᠠᠷᠪᠠᠨ ᠨᠢᠭᠡ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠭᠰᠠᠨ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 230 ᠵᠤᠷᠪᠤᠰ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠲᠤᠭᠳᠠᠭᠠᠨ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠳᠤᠮᠳᠠᠴᠢ ᠪᠠᠷ 39 ᠠᠵᠢᠯ ᠤᠨ ᠡᠳᠦᠷ ᠪᠣᠯᠭᠠᠨ ᠪᠠᠭᠠᠰᠬᠠᠵᠤ᠂ ᠠᠵᠤ ᠠᠬᠤᠶᠢᠯᠠᠯ  ᠨᠡᠭᠡᠭᠡᠵᠦ ᠡᠷᠭᠢᠯᠡᠬᠦ ᠴᠠᠭ ᠢ 0.5 ᠠᠵᠢᠯ ᠤᠨ ᠡᠳᠦᠷ ᠪᠣᠯᠭᠠᠨ ᠪᠠᠭᠠᠰᠬᠠᠭᠠᠳ᠂  ᠬᠠᠮᠢᠶ᠎ᠠ ᠪᠦᠬᠦᠢ ᠲᠥᠷᠥᠯ ᠵᠦᠢᠯ ᠢ ︽ᠢᠷᠡᠮᠡᠭᠴᠡ ᠭᠦᠢᠴᠡᠳᠬᠡᠬᠦ᠂  ᠲᠦᠷᠭᠡᠨ ᠭᠦᠢᠴᠡᠳᠬᠡᠬᠦ︾ ᠶᠢ ᠪᠡᠶᠡᠯᠡᠭᠦᠯᠵᠦ᠂ ᠪᠥᠬᠦ ᠶᠠᠪᠤᠴᠠ  ᠶᠢᠨ ᠰᠦᠯᠵᠢᠶᠡᠨ ᠳᠡᠭᠡᠷ᠎ᠡ ᠭᠦᠢᠴᠡᠳᠬᠡᠬᠦ ᠨᠣᠷᠮ᠎ᠠ 93.5% ᠳᠤ ᠬᠦᠷᠴᠡᠢ᠃ ︽ᠭᠤᠷᠪᠠᠨ ᠴᠢᠬᠤᠯᠠ ᠨᠢᠭᠡ ᠶᠡᠭᠡ︾  ᠰᠢᠢᠳᠪᠦᠷᠢᠲᠦ ᠪᠣᠳᠣᠯᠭ᠎ᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠡᠯ᠎ᠡ ᠡᠳᠡᠭᠡᠳ ᠤᠨ ᠢᠯᠡ ᠪᠠᠷ ᠬᠢᠨᠠᠯᠲᠠ ᠲᠠᠯᠪᠢᠬᠤ ᠶᠢ ᠤᠬᠠᠮᠰᠠᠷ   ᠠᠴᠠ ᠪᠠᠨ ᠬᠦᠯᠢᠶᠡᠵᠦ᠂ 2022 ᠣᠨ ᠳᠤ ᠠᠷᠠᠳ ᠤᠨ ᠲᠥᠯᠥᠭᠡᠯᠡᠭᠴᠢᠳ ᠤᠨ ᠪᠢᠯᠧᠲ ᠪᠠᠷ ᠰᠢᠢᠳᠦᠭᠰᠡᠨ 5 ᠪᠣᠳᠠᠲᠤ ᠶᠠᠪᠤᠳᠠᠯ ᠢ  ᠪᠦ᠋ᠦ ᠲᠠᠯᠠᠪᠠᠷ ᠨᠠᠶᠢᠳᠠᠪᠤᠷᠢᠵᠢᠭᠤᠯᠤᠭᠠᠳ᠂ 180 ᠬᠤᠪᠢ ᠠᠷᠠᠳ ᠤᠨ ᠲᠥᠯᠥᠭᠡᠯᠡᠭᠴᠢᠳ ᠤᠨ ᠰᠠᠨᠠᠯ  ᠰᠠᠨᠠᠭᠤᠯᠭ᠎ᠠ᠂ 138  ᠬᠤᠪᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠭᠦᠢᠴᠡᠳᠬᠡᠪᠡ᠃ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠠᠷᠠᠳ ᠤᠨ ᠰᠦᠯᠵᠢᠶ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶ᠎ᠡ +  ᠱᠠᠭᠠᠷᠳᠠᠨ ᠪᠠᠶᠢᠴᠠᠭᠠᠯᠲᠠ︾ ᠲᠡᠭᠡᠷ᠎ᠡ ᠦᠯᠡᠳᠡᠭᠡᠭᠰᠡᠨ 18 ᠵᠤᠷᠪᠤᠰ ︵ᠬᠤᠪᠢ︶  ᠪᠢᠴᠢᠭᠡᠰᠦ ᠶᠢ ᠰᠢᠢᠳᠪᠦᠷᠢᠯᠡᠵᠦ᠂ ᠠᠷᠠᠳ ᠲᠤ ᠲᠥᠬᠦᠮ ᠦᠵᠡᠭᠦᠯᠬᠦ  ︽12345︾ ᠤᠳᠠᠰᠤ ᠶᠢ 4602 ᠤᠳᠠᠭ᠎ᠠ ᠲᠤᠰᠴᠤ ᠬᠠᠷᠢᠭᠤᠯᠤᠭᠠᠳ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ 96%   ᠶᠢ ᠲᠠᠪᠠᠵᠠᠢ᠃ ᠲᠥᠪ ᠤᠨ ︽ᠨᠠᠢᠮᠠᠨ  ᠲᠣᠭᠲᠠᠭᠠᠯ︾  ᠪᠠ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ᠂ ᠠᠷᠪᠢᠯᠠᠨ ᠭᠠᠮᠨᠠᠬᠤ ᠵᠠᠩ ᠰᠤᠷᠳᠠᠯ ᠢ ᠡᠷᠡᠰ ᠬᠡᠷᠡᠭᠵᠢᠭᠦᠯᠵᠦ᠂ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠡᠩ ᠤᠯᠠᠨ ᠡᠬᠢ ᠪᠠᠶᠠᠯᠢᠭ ᠪᠠ ᠡᠳ᠋ ᠤᠨ ᠬᠦᠴᠦᠨ ᠢ ᠬᠥᠭᠵᠢᠯᠲᠡ ᠶᠢ  ᠠᠬᠢᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠲᠦᠪᠯᠡᠷᠡᠬᠦᠯᠦᠭᠰᠡᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号