2022 ᠤᠨ ᠤ ᠠᠵᠢᠯ ᠤᠨ ᠡᠷᠭᠢᠴᠡᠭᠦᠯᠦᠯ 12
ᠨᠡᠶᠢᠲᠡᠯᠡᠭᠰᠡᠨ ᠴᠠᠭ᠄
2023/3/30
 ︵ᠠᠷᠪᠠᠨ  ᠬᠤᠶᠠᠷ︶ ᠪᠤᠰᠤᠳ ᠠᠵᠢᠯ  ᠃  ᠬᠢᠨᠠᠨ ᠪᠣᠳᠣᠯᠲᠠ᠂ ᠴᠠᠭ ᠠᠭᠤᠷ᠂ ᠲᠠᠩᠰᠠ ᠡᠪᠬᠡᠮᠡᠯ᠂ ᠲᠡᠦᠬᠡ ᠣᠶᠢᠯᠠᠯᠭ᠎ᠠ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠦᠢᠯᠡᠰ ᠰᠢᠨ᠎ᠡ ᠦᠷ᠎ᠡ ᠪᠦᠲᠦᠮᠵᠢ ᠣᠯᠵᠤ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠡᠮᠡᠭᠲᠡᠶᠢᠴᠦᠳ᠂ ᠬᠡᠦᠬᠡᠳ᠂ ᠵᠠᠯᠠᠭᠤᠴᠤᠳ ᠪᠠᠭᠠᠴᠤᠳ᠂ ᠨᠠᠰᠤᠲᠠᠶᠢᠴᠤᠳ ᠤᠨ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠵᠤ᠂ ᠤᠯᠤᠰ ᠤᠨ ᠠᠮᠤᠷ ᠲᠦᠪᠰᠢᠨ ᠤ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠡᠷᠢᠭ ᠢ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠤᠯᠠᠮ ᠴᠢᠩᠭᠠᠷᠠᠨ ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ  ᠢᠳᠡᠪᠬᠢ ᠬᠤᠪᠢ ᠨᠡᠮᠡᠷᠢ ᠦᠵᠡᠬᠦᠯᠵᠡᠢ᠃ ᠢᠯᠠᠩᠭᠤᠶ᠎ᠠ ᠬᠢᠵᠢᠭ ᠤᠨ ᠪᠠᠶᠢᠳᠠᠯ ᠤᠨ ᠬᠦᠨᠳᠦ ᠬᠡᠴᠡᠭᠦᠦ ᠰᠢᠯᠭᠠᠯᠲᠠ ᠶᠢᠨ ᠡᠮᠦᠨ᠎ᠡ᠂ ᠪᠦᠬᠦ ᠬᠤᠰᠢᠭᠤᠨ ᠤ 4000 ᠭᠠᠷᠤᠢ ᠨᠠᠮ ᠤᠨ ᠭᠡᠰᠢᠭᠦᠨ᠂ ᠺᠠᠳ᠋ᠷ᠂ ᠡᠮᠴᠢ ᠰᠤᠪᠢᠯᠠᠭᠴᠢ᠂  ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠨ ᠪᠠ ᠰᠠᠶᠢᠨ ᠲᠤᠷ᠎ᠠ ᠶᠢᠨ ᠦᠢᠯᠡᠴᠢᠯᠡᠭᠴᠢ ᠨᠠᠷ ᠵᠠᠷᠯᠢᠭ ᠢ ᠲᠠᠭᠠᠨ ᠲᠠᠶᠢᠨ ᠳᠤ ᠮᠤᠷᠳᠠᠵᠤ  ᠂ ᠬᠠᠬᠢᠷ  ᠬᠦᠢᠳᠡᠨ ᠢ  ᠰᠦᠷᠦᠨ᠂  ᠬᠠᠳᠠᠭᠤᠵᠢᠯᠳᠠᠢ ᠰᠢᠷᠭᠠᠬᠤ  ᠠᠵᠢᠯᠯᠠᠵᠤ᠂ ᠵᠠᠮ ᠤᠨ ᠪᠣᠭᠤᠮᠲᠠ ᠶᠢ ᠰᠠᠬᠢᠨ᠂  ᠰᠠᠭᠤᠭᠠᠯᠢ ᠲᠣᠭᠤᠷᠢᠭ   ᠲᠤ ᠬᠦᠨᠵᠡᠬᠡᠶᠢᠷᠡᠵᠦ᠂  ᠪᠥᠭᠡᠮ ᠬᠦᠴᠢᠯ   ᠤᠨ ᠪᠠᠶᠢᠴᠠᠭᠠᠯᠳᠠ ᠶᠢ ᠦᠷᠨᠢᠬᠦᠯᠦᠨ᠂ ᠡᠳ᠋ ᠪᠤᠳᠠᠰ ᠤᠨ ᠬᠠᠩᠭᠠᠯᠭ᠎ᠠ   ᠶᠢ  ᠪᠠᠲᠤᠯᠠᠵᠤ᠂ ᠪᠦᠬᠦ ᠬᠤᠰᠢᠭᠤᠨ ᠤ ᠬᠢᠵᠢᠭ ᠰᠡᠷᠭᠡᠶᠢᠯᠡᠯᠳᠡ ᠶᠢᠨ ᠲᠤᠤᠷ ᠢ ᠨᠢᠬᠳᠠ ᠰᠦᠯᠵᠢᠭᠡᠳ᠂ ᠪᠦᠬᠦ ᠠᠶᠢᠮᠠᠭ ᠤᠨ ᠬᠢᠵᠢᠭ  ᠰᠡᠷᠭᠡᠶᠢᠯᠡᠯᠳᠡ ᠶᠢᠨ ᠡᠮᠦᠨ᠎ᠡ ᠬᠠᠭᠠᠯᠭ᠎ᠠ ᠶᠢ ᠪᠠᠲᠤ ᠰᠠᠬᠢᠭᠰᠠᠨ ᠤ ᠬᠠᠮᠳᠤ᠂  ᠠᠬ᠎ᠠ ᠳᠡᠭᠦᠦ ᠬᠤᠰᠢᠭᠤ ᠰᠢᠶᠠᠨ ᠤ 11 ᠪᠦᠯᠦᠭ 2350 ᠬᠥᠮᠥᠨ ᠢ  ᠰᠢᠯᠵᠢᠬᠦᠯᠦᠨ ᠲᠤᠰᠠᠭᠠᠷᠯᠠᠬᠤ ᠠᠵᠢᠯ ᠡᠭᠦᠷᠭᠡ ᠶᠢ ᠲᠡᠭᠦᠰ ᠠᠮᠵᠢᠯᠲᠠ ᠲᠠᠢ  ᠪᠡᠶᠡᠯᠡᠬᠦᠯᠦᠭᠡᠳ  ᠂ ᠡᠷᠡᠰ ᠬᠠᠲᠠᠭᠤ ᠲᠡᠮᠡᠴᠡᠯ ᠤᠨ ᠵᠣᠷᠢᠭ ᠢᠶᠠᠷ ᠬᠢᠵᠢᠭ ᠰᠡᠷᠭᠡᠶᠢᠯᠡᠬᠦ ᠲᠠᠶᠢᠯᠠᠯᠳᠤᠭᠠᠨ ᠤ ᠠᠮᠵᠢᠯᠳᠠ ᠢᠯᠠᠯᠲᠠ ᠶᠢ ᠤᠯᠤᠭᠰᠠᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号