ᠲᠠᠶᠢᠹᠤᠰᠧ ᠬᠤᠰᠢᠭᠤ ᠠᠯᠪᠠᠨ ᠵᠢᠷᠤᠮ ᠤᠨ ᠡᠮᠴᠢᠯᠡᠭᠡ ᠪᠠ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2023/3/6
   3 ᠰᠠᠷ᠎ᠠ ᠶᠢᠨ 3 ᠤ ᠡᠳᠦᠷ ᠪᠣᠯ ᠮᠠᠨ ᠤ ᠤᠯᠤᠰ ᠤᠨ ᠬᠤᠷᠢᠨ ᠲᠦᠷᠪᠡᠳᠡᠬᠢ ︽ᠴᠢᠬᠢ ᠪᠠᠨ ᠬᠠᠶᠢᠷᠠᠯᠠᠬᠤ︾ ᠡᠳᠦᠷ ᠪᠣᠯᠣᠨ᠎ᠠ᠃ ᠡᠷᠡᠭᠦᠯ ᠮᠡᠨᠳᠦ ᠶᠢᠨ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠰᠢᠨᠵᠢᠯᠡᠬᠦ ᠤᠬᠠᠭᠠᠨᠴᠢ ᠪᠠᠷ ᠴᠢᠬᠢ ᠪᠠᠨ ᠬᠡᠷᠡᠭᠯᠡᠬᠦ ᠦᠶᠯᠡ ᠠᠵᠢᠯᠯᠠᠭ᠎ᠠ ᠶᠢ ᠪᠣᠶ ᠪᠣᠯᠭᠠᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠵᠢᠶᠠᠨ ᠰᠢᠩ ᠨᠡᠶᠢᠭᠡᠮ ᠲᠣᠭᠤᠷᠢᠭ ᠲᠤ  ︽ᠴᠢᠬᠢ ᠪᠠᠨ ᠬᠠᠶᠢᠷᠠᠯᠠᠬᠤ ᠡᠳᠦᠷ︾ ᠤᠨ ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡ ᠪᠠ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃  ᠠᠬᠤᠢ ᠲᠠᠯᠠᠪᠠᠢ ᠳᠤ᠂  ᠰᠠᠶᠢᠨ ᠲᠤᠷ᠎ᠠ ᠶᠢᠨ ᠡᠮᠴᠢᠯᠡᠭᠡᠨ ᠤ ᠠᠵᠢᠯᠳᠠᠳ  ᠠᠴᠠ ᠰᠠᠭᠤᠭᠠᠯᠢ ᠠᠷᠠᠳ ᠤᠨ ᠰᠤᠨᠤᠷ ᠤᠨ ᠴᠢᠳᠠᠪᠤᠷᠢ ᠶᠢ ᠦᠨ᠎ᠡ ᠲᠦᠯᠦᠪᠦᠷᠢ ᠦᠭᠡᠢ ᠪᠠᠷ ᠰᠢᠯᠭᠠᠨ ᠪᠠᠶᠢᠴᠠᠭᠠᠵᠤ᠂ ᠲᠡᠳᠡᠨ ᠳᠤ ᠡᠳᠦᠷ ᠲᠤᠲᠤᠮ ᠤᠨ ᠴᠢᠬᠢ ᠪᠠᠨ ᠬᠠᠮᠠᠭᠠᠯᠠᠬᠤ ᠶᠡᠷᠦ ᠶᠢᠨ ᠮᠡᠳᠡᠯᠭᠡ ᠶᠢ ᠲᠠᠶᠢᠯᠪᠤᠷᠢᠯᠠᠨ᠂  ᠠᠰᠠᠭᠤᠵᠤ ᠯᠠᠪᠯᠠᠭᠰᠠᠨ ᠵᠦᠢᠯ ᠳᠤ ᠬᠦᠯᠢᠴᠡᠩᠭᠦᠢ ᠪᠠᠷ ᠬᠠᠷᠢᠭᠤᠯᠳᠠ ᠦᠭᠬᠦ ᠶᠢᠨ ᠬᠠᠮᠲᠤ᠂ ᠡᠪᠡᠳᠴᠢᠨ ᠤ ᠪᠠᠶᠢᠳᠠᠯ ᠳᠤᠨᠢ ᠴᠢᠭᠯᠡᠭᠦᠯᠦᠨ ᠲᠤᠰᠬᠠᠢ ᠮᠡᠷᠭᠡᠵᠢᠯ ᠤᠨ ᠴᠢᠨᠠᠷᠲᠠᠢ ᠰᠠᠨᠠᠭᠤᠯᠭ᠎ᠠ ᠲᠤᠷᠠᠳᠴᠠᠢ᠃  ᠡᠬᠦᠨ ᠤ ᠬᠠᠮᠳᠤ᠂ ᠶᠠᠪᠤᠵᠤ ᠴᠤᠪᠤᠬᠤ ᠣᠯᠠᠨ ᠲᠦᠮᠡᠨ ᠳᠤ ᠴᠢᠬᠢ ᠪᠠᠨ ᠬᠠᠶᠢᠷᠠᠯᠠᠵᠤ ᠴᠢᠬᠢ ᠪᠠᠨ ᠬᠠᠮᠠᠭᠠᠯᠠᠬᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂  ᠠᠷᠠᠳ ᠢᠷᠭᠡᠳ ᠢ ᠡᠳᠦᠷ ᠲᠤᠲᠤᠮ ᠤᠨ ᠠᠮᠢᠳᠤᠷᠠᠯ ᠤᠨ ᠳᠤᠮᠳᠠ ᠴᠢᠬᠢ ᠪᠠᠨ ᠬᠠᠮᠠᠭᠠᠯᠠᠬᠤ ᠰᠠᠶᠢᠨ ᠰᠠᠶᠢᠬᠠᠨ ᠳᠠᠳᠬᠠᠯ ᠪᠤᠯᠵᠤ᠂ ᠴᠢᠬᠢ ᠪᠠᠨ ᠬᠠᠶᠢᠷᠠᠯᠠᠬᠤ᠂ ᠴᠢᠬᠢ ᠪᠠᠨ ᠬᠠᠮᠠᠭᠠᠯᠠᠬᠤ ᠶᠡᠷᠦ ᠶᠢᠨ ᠮᠡᠳᠡᠯᠭᠡ ᠶᠢ ᠡᠵᠡᠮᠰᠢᠨ ᠂ ᠰᠠᠨᠠᠭᠠᠨ ᠳᠤ ᠦᠭᠡᠢ ᠭᠡᠮᠲᠦᠯ ᠠᠴᠠ ᠵᠠᠶᠢᠯᠠᠰᠬᠢᠵᠦ᠂  ᠴᠢᠬᠢᠨ ᠤ ᠡᠪᠡᠳᠴᠢᠨ ᠢ ᠪᠦᠲᠦᠮᠵᠢᠲᠡᠶ ᠰᠡᠷᠭᠡᠶᠢᠯᠡᠬᠦ ᠭᠡᠷᠡᠭᠳᠡᠢ ᠬᠡᠵᠦ ᠵᠠᠬᠢᠨ  ᠰᠠᠨᠠᠭᠤᠯᠪᠠ᠃    ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠢᠨ ᠪᠠᠰᠠ ᠬᠤᠶᠠᠷ ᠬᠦᠨᠳᠦ ᠡᠪᠡᠳᠴᠢᠲᠡᠨ ᠳᠤ ᠦᠨ᠎ᠡ ᠲᠦᠯᠦᠪᠦᠷᠢ ᠦᠬᠡᠢ ᠰᠣᠨᠣᠷ ᠤᠨ ᠲᠤᠰᠠᠯᠠᠭᠤᠷ ᠤᠯᠭᠤᠭᠰᠠᠨ ᠪᠠᠶᠢᠯ᠎ᠠ᠃ ᠡᠨᠡ  ᠤᠳᠠᠭᠠᠨ ᠤ ᠠᠵᠢᠯᠯᠠᠭ᠎ᠠ ᠪᠠᠷ ᠲᠠᠮᠵᠢᠭᠠᠳ᠂ ᠥᠷᠭᠡᠨ ᠣᠯᠠᠨ ᠰᠠᠭᠤᠭᠠᠯᠢ ᠠᠷᠠᠳ ᠲᠤ ᠴᠢᠬᠢ ᠪᠠᠨ ᠬᠠᠶᠢᠷᠠᠯᠠᠵᠤ ᠴᠢᠬᠢ ᠪᠠᠨ ᠬᠠᠮᠠᠭᠠᠯᠠᠬᠤ   ᠶᠢᠨ ᠴᠢᠬᠤᠯᠠ ᠴᠢᠨᠠᠷ   ᠢ ᠦᠨᠡᠨᠬᠦ ᠲᠠᠨᠢᠭᠤᠯᠤᠭᠰᠠᠨ ᠤ ᠬᠠᠮᠲᠤ᠂ ᠥᠷᠭᠡᠨ ᠤᠯᠠᠨ ᠰᠠᠭᠤᠭᠠᠯᠢ ᠠᠷᠠᠳ ᠢᠯᠠᠩᠭᠤᠶ᠎ᠠ ᠨᠠᠰᠤᠲᠠᠶᠢᠴᠤᠳ ᠲᠤ ᠴᠢᠬᠢᠨ ᠤ ᠡᠪᠡᠳᠴᠢᠨ ᠢ ᠡᠷᠬᠡᠪᠰᠢ ᠡᠷᠲᠡ ᠠᠴᠠ ᠰᠡᠷᠭᠡᠶᠢᠯᠡᠵᠦ᠂ ᠡᠷᠲᠡ ᠠᠴᠠ ᠢᠯᠡᠷᠡᠭᠦᠯᠦᠨ᠂ ᠡᠷᠲᠡ ᠠᠴᠠ ᠡᠮᠨᠡᠵᠦ᠂ ᠴᠢᠬᠢ ᠪᠠᠨ ᠡᠷᠡᠭᠦᠯ ᠬᠡᠷᠡᠭᠯᠡᠬᠦ ᠰᠠᠶᠢᠨ ᠳᠠᠳᠬᠠᠯ ᠲᠠᠢ ᠪᠣᠯᠬᠤ ᠶᠢ ᠰᠠᠨᠠᠭᠤᠯᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号