ᠲᠠᠶᠢᠹᠤᠰᠧ ᠬᠤᠰᠢᠭᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/6
   ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂  ᠠᠷᠠᠳ ᠢᠷᠭᠡᠳ ᠢ ᠬᠥᠲᠥᠯᠥᠨ ᠵᠢᠯᠤᠭᠤᠳᠴᠤ ᠪᠠᠶᠢᠭᠠᠳ ᠬᠡᠭᠡᠷ᠎ᠡ ᠶᠢᠨ ᠠᠮᠢᠲᠠᠨ ᠤᠷᠭᠤᠮᠠᠯ ᠢ ᠬᠠᠤᠯᠢ ᠶᠣᠰᠣᠭᠠᠷ ᠬᠠᠮᠠᠭᠠᠯᠠᠬᠤ ᠪᠠ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠣᠶᠢᠯᠠᠭᠠᠭᠳᠠᠬᠤᠨ ᠢ ᠪᠤᠶ ᠪᠤᠯᠭᠠᠬᠤ ᠶᠢᠨ ᠲᠦᠯᠦᠭᠡ᠂  3 ᠰᠠᠷ᠎ᠠ ᠶᠢᠨ 3 ᠤ ᠡᠳᠦᠷ ᠤᠨ ︽ᠳᠡᠯᠡᠬᠡᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ︾ ᠬᠦᠷᠴᠦ ᠢᠷᠡᠬᠦ ᠲᠠᠰᠢᠷᠠᠮ ᠳᠤ᠂  ᠲᠠᠶᠢᠹᠤᠰᠧ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ᠂ ᠳᠤᠮᠳᠠᠳᠤ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠨᠡᠶᠢᠭᠡᠮᠯᠢᠭ ᠤᠨ ᠲᠠᠶᠢᠹᠤᠰᠧ ᠬᠤᠰᠢᠭᠤᠨ ᠤ ᠵᠢᠬᠦᠷᠳᠡᠨ ᠬᠠᠮᠠᠭᠠᠯᠠᠬᠤ ᠠᠩᠭᠢ᠂  ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠠᠶᠢᠹᠤᠰᠧ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠬᠢᠨ  ᠬᠤᠯᠪᠤᠭᠠᠯᠠᠵᠤ᠂  ︽ᠳᠡᠯᠡᠬᠡᠢ ᠶᠢᠨ ᠬᠡᠭᠡᠷ᠎ᠡ ᠶᠢᠨ ᠠᠮᠢᠳᠠᠨ ᠤᠷᠭᠤᠮᠠᠯ ᠤᠨ ᠡᠳᠦᠷ︾  ᠤᠨ ᠤᠬᠠᠭᠤᠯᠤᠨ ᠳᠠᠶᠢᠴᠢᠯᠠᠬᠤ ᠠᠵᠢᠯᠯᠠᠭ᠎ᠠ ᠶᠢ  ᠥᠷᠨᠢᠭᠦᠯᠵᠡᠢ᠃ ᠠᠵᠢᠯᠯᠠᠭ᠎ᠠ ᠨᠢ ᠠᠬᠤᠢ ᠲᠠᠯᠠᠪᠠᠶ ᠶᠢᠨ ᠷᠠᠳᠢᠣ᠋ ᠨᠡᠪᠲᠡᠷᠡᠭᠦᠯᠭᠡ᠂ ᠤᠬᠠᠭᠤᠯᠭ᠎ᠠ ᠶᠢᠨ ᠪᠢᠴᠢᠭᠡᠰᠦ᠂ ᠤᠬᠠᠭᠤᠯᠭ᠎ᠠ ᠶᠢᠨ ᠰᠠᠮᠪᠠᠷ᠎ᠠ᠂ ᠬᠡᠪ ᠵᠠᠭᠪᠤᠷ ᠤᠨ ᠦᠵᠡᠭᠦᠯᠦᠯᠭᠡ᠂  ᠠᠮᠢᠲᠠᠨ ᠤᠷᠭᠤᠮᠠᠯ ᠢ ᠬᠠᠮᠠᠭᠠᠯᠠᠬᠤ ᠮᠡᠳᠡᠯᠭᠡ ᠶᠢᠨ ᠲᠠᠶᠢᠯᠤᠮᠵᠢ  ᠪᠠ ᠤᠬᠠᠭᠤᠯᠭ᠎ᠠ ᠶᠢᠨ ᠮᠠᠲ᠋ᠧᠷᠢᠶᠠᠯ᠂ ᠤᠷᠢᠶᠠᠯᠠᠭ᠎ᠠ ᠶᠢᠨ ᠪᠢᠴᠢᠭ ᠤᠨ ᠬᠡᠯᠪᠡᠷᠢ ᠪᠠᠷ ᠪᠥᠬᠦ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ ᠲᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ  ᠶᠡᠷᠦ ᠶᠢᠨ ᠮᠡᠳᠡᠯᠭᠡ ᠵᠢᠴᠢ ᠬᠠᠮᠢᠶ᠎ᠠ ᠪᠦᠬᠦᠢ ᠬᠠᠤᠯᠢ ᠲᠦᠷᠢᠮ ᠢ ᠤᠬᠠᠭᠤᠯᠵᠤ᠂  ᠬᠡᠭᠡᠷ᠎ᠡ ᠶᠢᠨ ᠠᠮᠢᠲᠠᠨ ᠤᠷᠭᠤᠮᠠᠯ ᠢ ᠬᠠᠶᠢᠷᠠᠯᠠᠨ ᠬᠠᠮᠠᠭᠠᠯᠠᠬᠤ ᠲᠤᠬᠠᠢ  ᠣᠯᠠᠨ ᠲᠦᠮᠡᠨ ᠤ ᠣᠶᠢᠯᠠᠭᠠᠯᠲᠠ ᠲᠠᠨᠢᠯᠲᠠ ᠶᠢ ᠭᠦᠨᠵᠡᠭᠡᠶᠢᠷᠡᠭᠦᠯᠦᠨ᠂ ᠬᠥᠮᠥᠰ ᠢ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠠᠵᠢᠯ ᠳᠤ ᠨᠠᠩ ᠰᠠᠶᠢᠨ ᠣᠷᠣᠯᠴᠠᠵᠤ᠂ ᠠᠮᠢ ᠠᠬᠤᠢ ᠶᠢᠨ ᠡᠶ᠎ᠡ ᠵᠣᠬᠢᠴᠠᠯ ᠢ ᠪᠡᠶᠡᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠬᠦᠯᠳᠦᠭᠡᠢ ᠬᠡᠵᠦ ᠤᠷᠢᠶᠠᠯᠠᠭᠰᠠᠨ ᠪᠠᠶᠢᠨ᠎ᠠ᠃ ᠲᠤᠬᠠᠢ ᠶᠢᠨ ᠡᠳᠦᠷ᠂ ᠠᠵᠢᠯᠲᠠᠳ ᠪᠠᠰᠠ ᠬᠡᠭᠡᠷ᠎ᠡ ᠶᠢᠨ ᠠᠮᠢᠲᠠᠨ ᠤ ᠨᠡᠭᠦᠳᠡᠯ ᠤᠨ ᠪᠠᠶᠢᠳᠠᠯ᠂ ᠡᠪᠡᠳᠴᠢᠨ ᠬᠡᠮ ᠤᠨ  ᠬᠢᠨᠠᠨ ᠪᠠᠶᠢᠴᠠᠭᠠᠯᠳᠠ ᠪᠠ ᠠᠮᠢ ᠠᠬᠤᠢ ᠶᠢᠨ ᠲᠣᠭᠤᠷᠢᠨ ᠪᠠᠶᠢᠴᠠᠭᠠᠯᠲᠠ ᠲᠠᠢ ᠤᠶᠠᠯᠳᠤᠭᠤᠯᠵᠤ᠂ ᠲᠠᠯ᠎ᠠ ᠨᠤᠲᠤᠭ᠂  ᠤᠢ ᠮᠤᠳᠤ᠂ ᠠᠭᠤᠯᠠ ᠲᠤᠪᠤ  ᠪᠠᠷ ᠶᠠᠪᠤᠵᠤ᠂ ᠴᠠᠭᠳᠠᠨ ᠪᠠᠶᠢᠴᠠᠭᠠᠬᠤ ᠠᠵᠢᠯᠯᠠᠭ᠎ᠠ ᠦᠷᠨᠢᠬᠦᠯᠵᠡᠢ᠃ ᠳᠠᠷᠠᠭᠠᠴᠢ ᠶᠢᠨ ᠠᠯᠬᠤᠮ ᠳᠤ᠂  ᠲᠤᠰ ᠬᠤᠰᠢᠭᠤᠨ ᠤ ᠬᠢᠨ ᠡᠨᠡ  ᠤᠳᠠᠭᠠᠨ ᠤ ᠤᠬᠠᠭᠤᠯᠭ᠎ᠠ ᠶᠢᠨ ᠡᠳᠦᠷ ᠢᠶᠠᠷ ᠠᠵᠠ ᠲᠣᠬᠢᠶᠠᠯ ᠪᠣᠯᠭᠠᠵᠤ᠂ ︽ᠬᠦᠮᠦᠨ ᠪᠦᠬᠦᠨ  ᠬᠡᠭᠡᠷ᠎ᠡ ᠶᠢᠨ ᠠᠮᠢᠳᠠᠨ ᠤᠷᠭᠤᠮᠠᠯ ᠢ  ᠬᠠᠶᠢᠷᠠᠯᠠᠨ ᠬᠠᠮᠠᠭᠠᠯᠠᠬᠤ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠵᠤ ᠦᠷᠨᠢᠬᠦᠯᠦᠨ᠂ ᠬᠡᠭᠡᠷ᠎ᠡ ᠶᠢᠨ ᠠᠮᠢᠳᠠᠨ ᠤᠷᠭᠤᠮᠠᠯ ᠢ  ᠬᠠᠶᠢᠷᠠᠯᠠᠨ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ᠂  ᠦᠢᠯᠡᠳᠪᠦᠷᠢ ᠠᠭᠤᠷᠬᠠᠢ ᠳᠤ ᠬᠦᠷᠭᠡᠵᠦ᠂ ᠪᠦᠬᠦ ᠨᠡᠶᠢᠭᠡᠮ ᠢᠶᠠᠷ ᠢᠶᠠᠨ ᠬᠡᠭᠡᠷ᠎ᠡ ᠶᠢᠨ ᠠᠮᠢᠳᠠᠨ ᠤᠷᠭᠤᠮᠠᠯ ᠢ ᠬᠠᠶᠢᠷᠠᠯᠠᠨ ᠬᠠᠮᠠᠭᠠᠯᠠᠬᠤ ᠶᠢ ᠠᠬᠢᠭᠤᠯᠬᠤ ᠪᠠᠷ ᠪᠠᠶᠢᠨ᠎ᠠ  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号