ᠲᠠᠶᠢᠹᠤᠰᠧ ᠬᠤᠰᠢᠭᠤᠨ ᠤ ᠬᠢᠨ ᠴᠠᠩᠫᠢᠩ ᠲᠤᠭᠤᠷᠢᠭ ᠯᠤᠭ᠎ᠠ ᠰᠤᠷᠭᠠᠨ ᠬᠥᠮᠦᠵᠢᠯ ᠡᠮ ᠡᠮᠨᠡᠯᠭᠡ ᠶᠢᠨ ᠬᠠᠮᠵᠢᠯᠴᠠᠭᠠᠨ ᠤ ᠠᠵᠢᠯ ᠢ ᠵᠤᠯᠭᠠᠭᠤᠯᠤᠭᠰᠠᠨ
ᠨᠡᠶᠢᠲᠡᠯᠡᠭᠰᠡᠨ ᠴᠠᠭ᠄
2023/3/6
ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭᠠᠨ ᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 1 ᠤ ᠡᠳᠦᠷ ᠠᠴᠠ 2 ᠤᠨ ᠡᠳᠦᠷ ᠪᠣᠯᠲᠠᠯ᠎ᠠ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠮᠠ ᠷᠦᠢ ᠮᠠᠨ᠂  ᠳᠡᠳ᠋ ᠬᠤᠰᠢᠭᠤ ᠳᠠᠷᠤᠭ᠎ᠠ ᠡᠷᠳᠡᠨᠢᠪᠠᠭᠠᠳᠤᠷ ᠪᠦᠯᠬᠦᠮ ᠳᠠᠭᠠᠭᠤᠯᠤᠨ ᠪᠡᠭᠡᠵᠢᠩ ᠤᠨ ᠴᠠᠩᠫᠢᠩ ᠲᠣᠭᠤᠷᠢᠭ ᠲᠤ ᠬᠦᠷᠴᠦ᠂ ᠰᠤᠷᠭᠠᠨ ᠬᠥᠮᠦᠵᠢᠯ ᠡᠮ ᠡᠮᠨᠡᠯᠭᠡ ᠶᠢᠨ ᠬᠠᠮᠵᠢᠯᠴᠠᠭᠠᠨ ᠤ ᠬᠠᠮᠵᠢᠯᠴᠠᠬᠤ ᠠᠵᠢᠯ ᠢ ᠵᠣᠯᠭᠠᠭᠤᠯᠪᠠ᠃ ᠵᠣᠯᠭᠠᠭᠤᠯᠬᠤ ᠳᠤᠭᠤᠶᠢᠯᠠᠩ ᠤᠨ ᠬᠢᠨ ᠴᠠᠩᠫᠢᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠵᠥᠪᠯᠡᠯ᠂ ᠬᠢᠲᠠᠳ ᠡᠮᠨᠡᠯᠭᠡ ᠶᠢᠨ ᠬᠤᠷᠢᠶ᠎ᠠ᠂ ᠲᠢᠶᠠᠨ ᠲᠠᠨ ᠡᠮᠨᠡᠯᠭᠡ ᠶᠢᠨ ᠬᠤᠷᠢᠶ᠎ᠠ᠂ ᠴᠧᠩ ᠭᠤᠸᠠᠨ ᠪᠠᠭ᠎ᠠ ᠰᠤᠷᠭᠠᠭᠤᠯᠢ᠂ ᠲᠠᠪᠤᠳᠤᠭᠠᠷ ᠰᠤᠷᠭᠠᠭᠤᠯᠢ ᠳᠤ ᠬᠡᠮᠡᠷᠯᠢᠭ ᠲᠤᠭ ᠪᠣᠯᠣᠨ ᠲᠠᠯᠠᠷᠬᠠᠯ ᠤᠨ ᠵᠠᠬᠢᠳᠠᠯ ᠬᠦᠷᠭᠡᠵᠦ᠂ ᠤᠯᠠᠨ ᠵᠢᠯ ᠤᠨ ᠲᠤᠷᠰᠢ ᠲᠠᠶᠢᠹᠤᠰᠧ ᠬᠤᠰᠢᠭᠤᠨ ᠳᠤ ᠰᠤᠷᠭᠠᠨ ᠬᠥᠮᠦᠵᠢᠯ ᠡᠮ ᠡᠮᠨᠡᠯᠭᠡ ᠶᠢᠨ ᠲᠠᠯ᠎ᠠ ᠪᠠᠷ ᠬᠠᠪᠰᠤᠷᠤᠯᠭ᠎ᠠ ᠳᠡᠮᠵᠢᠯᠭᠡ ᠦᠵᠡᠬᠦᠯᠦᠭᠰᠡᠨ  ᠳᠤᠨᠢ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃ ᠳᠠᠷᠠᠭ᠎ᠠ ᠪᠠᠷ ᠨᠢ ᠲᠠᠶᠢᠹᠤᠰᠧ ᠬᠤᠰᠢᠭᠤᠨ ᠠᠴᠠ ᠴᠠᠩᠫᠢᠩ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠳᠤ ᠬᠦᠷᠴᠦ ᠰᠤᠷᠤᠯᠴᠠᠵᠤ ᠪᠠᠶᠢᠭ᠎ᠠ ᠡᠮᠨᠡᠯᠭᠡ ᠶᠢᠨ ᠠᠵᠢᠯᠳᠠᠳ ᠢ ᠬᠠᠯᠠᠮᠵᠢᠯᠠᠨ ᠲᠤᠬᠤᠨᠢᠭᠤᠯᠤᠭᠰᠠᠨ ᠪᠦᠭᠡᠳ ᠴᠠᠩᠫᠢᠩ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ᠂ ᠲᠢᠶᠠᠨ ᠲᠠᠨ ᠡᠮᠨᠡᠯᠭᠡ ᠶᠢᠨ ᠬᠤᠷᠢᠶ᠎ᠠ᠂ ᠴᠧᠩ ᠭᠤᠸᠠᠨ ᠪᠠᠭ᠎ᠠ ᠰᠤᠷᠭᠠᠭᠤᠯᠢ᠂ ᠲᠠᠪᠤᠳᠤᠭᠠᠷ ᠰᠤᠷᠭᠠᠭᠤᠯᠢ ᠪᠠᠷ ᠲᠤᠭᠤᠷᠢᠨ ᠦᠵᠡᠵᠦ᠂  ᠶᠡᠭᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠲᠠᠢ ᠶᠠᠷᠢᠯᠴᠠᠬᠤ ᠬᠤᠷᠠᠯ ᠬᠢᠭᠰᠡᠨ ᠪᠠᠶᠢᠨ᠎ᠠ᠃ ᠶᠠᠷᠢᠯᠴᠠᠬᠤ ᠬᠤᠷᠠᠯ ᠳᠡᠭᠡᠷ᠎ᠡ᠂ ᠴᠠᠩᠫᠢᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠬᠤᠷᠢᠶᠠᠨ ᠤ ᠱᠦᠵᠢ ᠪᠦᠭᠡᠳ ᠡᠷᠬᠢᠯᠡᠭᠴᠢ ᠵᠢᠶᠠᠩ ᠸᠧᠢ ᠠᠴᠠ  ᠣᠶᠢᠷ᠎ᠠ ᠶᠢᠨ ᠵᠢᠯ ᠤᠨ ᠴᠠᠩᠫᠢᠩ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠬᠠᠪᠰᠤᠷᠤᠨ ᠲᠡᠳᠬᠦᠬᠦ ᠠᠵᠢᠯ ᠤᠨ ᠠᠮᠵᠢᠯᠲᠠ ᠪᠦᠲᠦᠮᠵᠢ ᠪᠣᠯᠣᠨ ᠬᠤᠶᠢᠰᠢᠳᠠ ᠶᠢᠨ ᠲᠦᠰᠦᠪ ᠲᠥᠯᠥᠪᠯᠡᠭᠡ ᠶᠢ ᠲᠠᠨᠢᠯᠴᠠᠭᠤᠯᠵᠤ᠂  ᠡᠷᠳᠡᠨᠢᠪᠠᠭᠠᠳᠤᠷ ᠠᠴᠠ ᠴᠠᠩᠫᠢᠩ ᠲᠣᠭᠤᠷᠢᠭ ᠤᠨ ᠬᠠᠪᠰᠤᠷᠤᠯᠭ᠎ᠠ ᠲᠡᠮᠵᠢᠯᠭᠡ   ᠳᠤ ᠴᠢᠩ ᠰᠡᠳᠬᠢᠯ  ᠤᠨ ᠲᠠᠯᠠᠷᠬᠠᠯ ᠢᠯᠡᠷᠭᠡᠶᠢᠯᠡᠵᠦ᠂ ᠣᠶᠢᠷ᠎ᠠ ᠶᠢᠨ ᠬᠡᠳᠦᠨ ᠵᠢᠯ ᠤᠨ ᠰᠣᠯᠢᠯᠴᠠᠭ᠎ᠠ ᠬᠠᠮᠵᠢᠯᠴᠠᠭᠠᠨ ᠤ ᠦᠷ᠎ᠡ ᠪᠦᠲᠦᠭᠡᠯ ᠢ ᠭᠦᠢᠴᠡᠳ ᠨᠤᠲᠠᠯᠠᠭᠰᠠᠨ ᠤ ᠬᠠᠮᠲᠤ᠂  ᠬᠤᠶᠢᠰᠢᠳᠠ ᠬᠤᠶᠠᠷ ᠲᠠᠯ᠎ᠠ ᠪᠠᠷ ᠢᠶᠠᠨ ᠡᠮᠨᠡᠯᠭᠡ ᠶᠢᠨ ᠮᠡᠷᠭᠡᠵᠢᠯ ᠪᠠ ᠴᠢᠳᠠᠪᠤᠷᠢᠲᠠᠨ ᠤ ᠲᠠᠯ᠎ᠠ ᠪᠠᠷ ᠬᠠᠮᠲᠤᠷᠠᠯᠴᠠᠭ᠎ᠠ ᠪᠠᠨ ᠤᠯᠠᠮ ᠴᠢᠩᠭᠠᠳᠬᠠᠵᠤ᠂ ᠨᠠᠩ ᠨᠢᠭᠲᠠ ᠬᠠᠷᠢᠴᠠᠭ᠎ᠠ ᠶᠢ ᠪᠠᠶᠢᠭᠤᠯᠤᠨ᠂ ᠲᠠᠶᠢᠹᠤᠰᠧ ᠬᠤᠰᠢᠭᠤᠨ ᠤ ᠡᠮᠨᠡᠯᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠲᠠᠢ ᠶᠠᠷᠢᠯᠴᠠᠬᠤ ᠬᠤᠷᠠᠯ ᠴᠤ ᠬᠦᠷ ᠬᠥᠭᠵᠢᠶᠡᠨ ᠲᠠᠢ ᠶᠠᠪᠤᠭᠳᠠᠵᠤ᠂ ᠬᠤᠶᠠᠷ ᠲᠠᠯ᠎ᠠ ᠪᠠᠷ ᠢᠶᠠᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠲᠤᠬᠠᠢ ᠬᠠᠮᠲᠤ ᠶᠢᠨ ᠲᠠᠨᠢᠯᠲᠠ ᠲᠠᠢ  ᠪᠤᠯᠤᠭᠰᠠᠨ ᠪᠦᠭᠡᠳ ᠬᠤᠶᠢᠰᠢᠳᠠ ᠨᠡᠩ ᠨᠢᠭᠲᠠ ᠨᠡᠩ ᠠᠯᠤᠰ ᠬᠡᠳᠤ ᠶᠢᠨ ᠬᠠᠮᠲᠤᠷᠠᠯᠴᠠᠭᠠᠨ ᠤ ᠬᠠᠷᠢᠯᠴᠠᠭ᠎ᠠ ᠶᠢ ᠪᠠᠶᠢᠭᠤᠯᠵᠤ᠂ ᠣᠯᠣᠯᠴᠠᠭ᠎ᠠ ᠰᠣᠯᠢᠯᠴᠠᠭ᠎ᠠ ᠪᠠᠨ ᠴᠢᠩᠭᠠᠳᠬᠠᠨ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠠᠯ᠎ᠠ ᠪᠠᠷ ᠨᠡᠩ ᠤᠯᠠᠨ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ  ᠠᠬᠢᠭᠤᠯᠤᠨ᠎ᠠ ᠬᠡᠵᠦ ᠢᠯᠡᠷᠭᠡᠶᠢᠯᠡᠪᠡ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号