ᠲᠠᠶᠢᠹᠤᠰᠧ ᠬᠤᠰᠢᠭᠤᠨ ᠤ ᠨᠠᠮ ᠤᠨ ᠰᠤᠷᠭᠠᠭᠤᠯᠢ ᠶᠢᠨ ᠬᠠᠪᠤᠷ ᠤᠨ ᠤᠯᠠᠷᠢᠯ ᠤᠨ ᠬᠢᠴᠢᠶᠡᠯ ᠰᠤᠷᠤᠯᠭ᠎ᠠ ᠡᠬᠢᠯᠡᠭᠰᠡᠨ
ᠨᠡᠶᠢᠲᠡᠯᠡᠭᠰᠡᠨ ᠴᠠᠭ᠄
2023/3/6
  3 ᠰᠠᠷ᠎ᠠ ᠶᠢᠨ 3 ᠤ ᠡᠳᠦᠷ  ᠂ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ   ᠨᠢ 2023 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠨᠢᠭᠡᠳᠦᠭᠡᠷ ᠬᠤᠭᠤᠴᠠᠭᠠᠨ ᠤ ᠪᠣᠯᠪᠠᠰᠤᠷᠠᠯ ᠤᠨ ᠠᠩᠭᠢ ᠡᠷᠭᠢᠯᠡᠪᠡ᠃ ᠡᠯ᠎ᠡ ᠰᠤᠮᠤ ᠰᠢᠶᠠᠩ ᠪᠠᠯᠭᠠᠰᠤ᠂  ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠵᠢᠴᠢ ᠨᠠᠮ ᠤᠨ ᠰᠤᠷᠭᠠᠭᠤᠯᠢ ᠶᠢᠨ  ᠪᠦᠬᠦ ᠪᠠᠭᠰᠢ ᠨᠠᠷ ᠰᠤᠷᠤᠯᠭ᠎ᠠ ᠡᠬᠢᠯᠡᠬᠦ ᠶᠣᠰᠣᠯᠠᠯ ᠪᠠ ᠬᠢᠴᠢᠶᠡᠯ ᠪᠣᠯᠪᠠᠰᠤᠷᠠᠯ ᠳᠤ ᠣᠷᠣᠯᠴᠠᠵᠠᠢ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠨᠠᠮ ᠤᠨ ᠰᠤᠷᠭᠠᠭᠤᠯᠢ ᠶᠢᠨ ᠵᠠᠬᠢᠷᠤᠯ ᠯᠢ ᠴᠦᠨ ᠭᠤᠸᠠᠩ ᠬᠤᠷᠠᠯ ᠳᠤ ᠤᠷᠤᠯᠴᠠᠵᠤ ᠳᠠᠶᠢᠴᠢᠯᠠᠯᠲᠠ ᠶᠢᠨ ᠶᠠᠷᠢᠶ᠎ᠠ ᠲᠠᠯᠪᠢᠬᠤ ᠳᠠᠭᠠᠨ᠂ ᠨᠠᠮ ᠤᠨ ᠰᠤᠷᠭᠠᠭᠤᠯᠢ ᠨᠢ ᠺᠠᠳ᠋ᠷ ᠤᠨ ᠪᠣᠯᠪᠠᠰᠤᠷᠠᠯ ᠬᠥᠮᠦᠵᠢᠯ ᠤᠨ ᠭᠤᠣᠯ  ᠰᠠᠭᠤᠷᠢᠨ ᠭᠠᠵᠠᠷ᠂ ᠺᠠᠳ᠋ᠷ ᠤᠨ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ  ︽ᠲᠣᠮᠣ ᠵᠤᠤᠬ᠎ᠠ︾ ᠪᠤᠯᠤᠭᠰᠠᠨ ᠤ ᠬᠤᠪᠢ ᠳᠤ᠂ ᠨᠠᠮ ᠤᠨ ᠲᠦᠯᠦᠭᠡ ᠴᠢᠳᠠᠪᠤᠷᠢᠲᠠᠨ ᠬᠥᠮᠥᠵᠢᠭᠦᠯᠬᠦ᠂ ᠨᠠᠮ ᠤᠨ ᠲᠦᠯᠦᠭᠡ ᠠᠷᠭ᠎ᠠ ᠤᠬᠠᠭᠠᠨ ᠭᠠᠷᠭᠠᠬᠤ ᠤᠭ ᠰᠠᠨᠠᠭ᠎ᠠ ᠪᠠᠨ ᠢᠮᠠᠭᠲᠠ ᠬᠤᠪᠢᠷᠠᠭᠤᠯᠬᠤ ᠦᠭᠡᠢ ᠪᠠᠶᠢᠵᠤ᠂ ᠨᠠᠮ ᠤᠨ ᠤᠨᠤᠯ ᠤᠨ ᠬᠥᠮᠦᠵᠢᠯ ᠪᠣᠯᠣᠨ ᠨᠠᠮᠴᠢ ᠴᠢᠨᠠᠷ ᠤᠨ ᠬᠥᠮᠦᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷᠴᠤᠳ ᠡᠷᠭᠡᠪᠰᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠡᠵᠡᠮᠰᠢᠵᠦ᠂ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠭᠡᠷᠡᠭᠳᠡᠢ᠃ ᠰᠤᠷᠤᠯᠴᠠᠯᠭ᠎ᠠ ᠪᠠᠨ ᠦᠨᠡᠨᠬᠦ ᠴᠢᠩᠭᠠᠳᠬᠠᠵᠤ᠂ ᠤᠯᠤᠰ ᠲᠦᠷᠦ ᠶᠢᠨ ᠴᠢᠳᠠᠪᠤᠷᠢ᠂ ᠡᠭᠦᠷᠭᠡ ᠬᠠᠷᠢᠭᠤᠴᠠᠯᠭ᠎ᠠ ᠭᠦᠢᠴᠡᠳᠬᠡᠬᠦ ᠴᠢᠳᠠᠪᠤᠷᠢ᠂ ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠂ ᠲᠡᠮᠡᠴᠡᠯ ᠤᠨ ᠤᠬᠠᠮᠰᠠᠷ᠂ ᠵᠢᠳᠬᠦᠯ ᠴᠢᠷᠮᠠᠶᠢᠯᠭ᠎ᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠪᠠᠬᠢ ᠪᠣᠶ ᠪᠣᠯᠭᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠺᠠᠳ᠋ᠷᠴᠤᠳ ᠤᠨ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ ᠬᠡᠵᠦ  ᠤᠷᠢᠶᠠᠯᠠᠭᠰᠠᠨ ᠪᠠᠶᠢᠨ᠎ᠠ᠃  ᠨᠠᠮ ᠤᠨ ᠰᠤᠷᠭᠠᠭᠤᠯᠢ ᠶᠢᠨ ᠯᠧᠺᠲ᠋ᠣᠷ ᠰᠦᠨ ᠵᠠᠨ ᠴᠧᠩ ᠠᠴᠠ ᠥᠩᠭᠡᠷᠡᠭᠰᠡᠨ ᠲᠠᠪᠤᠨ ᠵᠢᠯ ᠤᠨ ᠠᠵᠢᠯ ᠪᠠ ᠰᠢᠨ᠎ᠡ ᠴᠠᠭ ᠦᠶ᠎ᠡ ᠶᠢᠨ  ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠪᠠᠲᠤ ᠡᠵᠡᠮᠳᠡᠬᠦ ᠵᠡᠷᠭᠡ ᠵᠢᠷᠭᠤᠭᠠᠨ ᠲᠠᠯ᠎ᠠ ᠶᠢᠨ ᠲᠣᠭᠤᠷᠢᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠤ  ᠨᠠᠷᠢᠨ ᠲᠠᠶᠢᠯᠤᠮᠵᠢ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠬᠤ᠂ ᠡᠵᠡᠮᠰᠢᠬᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠴᠢᠬᠤᠯᠠ ᠵᠢᠯᠤᠭᠤᠳᠬᠤ ᠦᠢᠯᠡᠳᠦᠯ ᠲᠠᠢ ᠬᠢᠴᠢᠶᠡᠯ ᠪᠤᠯᠪᠠᠰᠤᠷᠠᠯ ᠪᠤᠯᠵᠠᠢ᠃  ᠡᠨᠡ ᠤᠳᠠᠭᠠᠨ ᠤ ᠪᠣᠯᠪᠠᠰᠤᠷᠠᠯ ᠢ ᠭᠤᠷᠪᠠᠨ ᠬᠤᠭᠤᠴᠠᠭ᠎ᠠ ᠬᠤᠪᠢᠶᠠᠨ ᠶᠠᠪᠤᠭᠳᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ᠂ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠭᠤᠶᠢᠪᠢᠰᠢ ᠦᠭᠡᠢ ᠰᠠᠶᠢᠲᠤᠷ ᠬᠢᠬᠦ ᠵᠡᠷᠭᠡ ᠬᠢᠴᠢᠶᠡᠯ ᠤᠨ ᠠᠭᠤᠯᠭ᠎ᠠ ᠶᠢ ᠲᠤᠬᠢᠷᠠᠭᠤᠯᠤᠭᠠᠳ᠂ ᠪᠥᠬᠦ ᠬᠤᠰᠢᠭᠤᠨ ᠤ 391 ᠨᠡᠷ᠎ᠡ ᠰᠠᠯᠠᠭᠠᠨ ᠲᠠᠰ ᠤᠨ ᠤᠳᠤᠷᠢᠳᠬᠤ ᠺᠠᠳ᠋ᠷ ᠰᠠᠭᠠᠳᠠᠯ ᠦᠬᠡᠢ ᠤᠷᠤᠯᠴᠠᠭᠰᠠᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号