ᠵᠤᠤ ᠹᠧᠢ ᠫᠧᠩ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2023/3/6
   3 ᠰᠠᠷ᠎ᠠ ᠶᠢᠨ 3 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠤᠷᠢᠳ ᠬᠤᠵᠢᠳ ᠬᠤᠸᠠ ᠷᠦᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠴᠢᠶᠠᠨ ᠶᠢᠨ ᠭᠧᠦ ᠪᠠᠯᠭᠠᠰᠤᠨ ᠤ ᠰᠢᠩ ᠱᠧᠩ ᠬᠦᠴᠦᠳᠡᠯ ᠥᠭᠡᠷᠡᠴᠢᠯᠡᠬᠦ ᠥᠷᠲᠡᠭᠡ ᠪᠠ  ᠢ ᠹᠧᠩ ᠰᠦᠯᠢᠶᠤᠤ ᠶᠢᠨ ᠦᠢᠯᠡᠳᠪᠦᠷᠢ᠂ ᠰᠢᠦᠢ ᠱᠧᠩ ᠰᠦᠯᠢᠶᠤᠤ  ᠶᠢᠨ ᠦᠢᠯᠡᠳᠪᠦᠷᠢ ᠳᠤ ᠬᠦᠨᠵᠡᠬᠡᠶᠢᠷᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃   ᠳᠡᠳ᠋  ᠬᠤᠰᠢᠭᠤ ᠳᠠᠷᠤᠭ᠎ᠠ ᠪᠦᠦ ᠴᠢᠩ ᠱᠠᠨ ᠪᠠᠶᠢᠴᠠᠭᠠᠨ ᠰᠤᠳᠤᠯᠤᠯᠲᠠ ᠳᠤ  ᠤᠷᠤᠯᠴᠠᠪᠠ᠃ ᠵᠤᠤ ᠹᠧᠢ ᠫᠧᠩ᠂ ᠠᠵᠤ ᠠᠬᠤᠶᠢᠯᠠᠯ ᠤᠨ ᠬᠢᠨ ᠬᠥᠭᠵᠢᠯᠲᠡ ᠪᠠ  ᠠᠮᠤᠷ ᠲᠦᠪᠰᠢᠨ ᠢ ᠥᠨᠳᠥᠷ ᠪᠦᠲᠦᠮᠵᠢᠲᠡᠢ ᠪᠠᠷ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠦᠨᠡᠨᠬᠦ ᠴᠢᠩᠭᠠᠳᠬᠠᠨ᠂  ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠦᠢᠯᠡᠳᠪᠦᠷᠢᠯᠡᠯ ᠤᠨ ᠭᠤᠭᠴᠤᠭ᠎ᠠ ᠨᠢᠭᠡᠪᠦᠷᠢ᠂ ᠠᠵᠢᠯ ᠤᠨ ᠪᠠᠶᠢᠷᠢ ᠨᠢᠭᠡᠪᠦᠷᠢ᠂ ᠠᠵᠢᠯᠲᠠᠨ ᠨᠢᠭᠡᠪᠦᠷᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢᠨ ᠤᠬᠠᠮᠰᠠᠷ ᠢ ᠪᠠᠲᠤ  ᠪᠣᠶ ᠪᠤᠯᠭᠠᠨ᠂ ᠠᠵᠤ ᠠᠬᠤᠶᠢᠯᠠᠯ ᠳᠤ ᠬᠠᠨᠳᠤᠭᠰᠠᠨ ᠡᠯ᠎ᠡ ᠲᠦᠷᠦᠯ ᠤᠨ ᠦᠢᠯᠡᠴᠢᠯᠡᠭᠡ  ᠪᠠᠳᠤᠯᠠᠭᠠᠨ ᠤ ᠠᠵᠢᠯ ᠢ ᠪᠥᠬᠦ ᠬᠦᠴᠦᠨ ᠢᠶᠠᠷ ᠰᠠᠶᠢᠨ ᠬᠢᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ  ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号