ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠂ ︽ᠬᠠᠷᠠᠮ ᠦᠭᠡᠢ ᠵᠣᠷᠢᠭᠤᠯᠬᠤ᠂ ᠨᠦᠬᠦᠷᠯᠡᠯ ᠢ | ᠡᠷᠬᠢᠮᠯᠡᠬᠦ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠳᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ | ᠤᠯᠠᠮᠵᠢᠯᠠᠨ ᠳᠡᠯᠭᠡᠷᠡᠭᠦᠯᠬᠦ ᠶᠢᠨ ᠲᠥᠯᠥᠭᠡ᠂ 3 ᠰᠠᠷ᠎ᠠ ᠶᠢᠨ 3 ᠤ ᠡᠳᠦᠷ ᠠᠴᠠ ᠡᠬᠢᠯᠡᠨ ᠴᠢᠶᠠᠨ ᠶᠢᠨ ᠭᠧᠦ | ᠪᠠᠯᠭᠠᠰᠤᠨ ᠤ 37 ᠲᠤᠰᠬᠤᠨ ᠨᠢ ︽ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠠᠵᠢᠯᠯᠠᠭ᠎ᠠ︾ ᠶᠢ | ᠥᠷᠨᠢᠭᠦᠯᠵᠦ᠂ ᠵᠡᠮᠳᠡᠭᠴᠤᠳ᠂ ᠨᠠᠰᠤᠳᠠᠶᠢᠴᠤᠳ ᠂ ᠰᠤᠷᠤᠭᠴᠢᠳ ᠲᠤ ᠬᠠᠯᠠᠭᠤᠨ ᠰᠡᠳᠬᠢᠯ ᠤᠨ ᠦᠢᠯᠡᠴᠢᠯᠡᠭᠡ | ᠬᠦᠷᠭᠡᠵᠡᠢ᠃ ᠡᠯ᠎ᠡ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡᠨ ᠤ ᠰᠠᠶᠢᠨ | ᠳᠤᠷ᠎ᠠ ᠶᠢᠨ ᠦᠢᠯᠡᠴᠢᠯᠡᠭᠴᠢᠳ ᠤᠨ ᠵᠠᠷᠢᠮ ᠨᠢ ᠵᠡᠮᠳᠡᠭᠴᠤᠳ ᠪᠠ ᠨᠠᠰᠤᠳᠠᠶᠢᠴᠤᠳ ᠤᠨ ᠭᠡᠷ ᠬᠦᠷᠢᠶ᠎ᠡ ᠶᠢ ᠨᠢ | ᠴᠡᠪᠡᠷᠯᠡᠵᠦ᠂ ᠰᠢᠯ ᠴᠤᠩᠬᠤ ᠶᠢ ᠨᠢ ᠵᠦᠯᠬᠦᠨ᠂ ᠭᠡᠷ ᠤᠨ ᠠᠵᠢᠯ ᠢ ᠨᠢ ᠬᠢᠵᠦ᠂ ᠵᠠᠷᠢᠮ ᠨᠢ ᠪᠠᠯᠭᠠᠰᠤᠨ ᠤ ᠪᠠᠭ᠎ᠠ | ᠰᠤᠷᠭᠠᠭᠤᠯᠢ ᠶᠢᠨ ᠬᠦᠷᠢᠶᠡᠨ ᠳᠠᠬᠢ ᠬᠤᠷᠠᠭᠰᠠᠨ ᠴᠠᠰᠤ ᠶᠢ ᠴᠡᠪᠡᠷᠯᠡᠵᠦ᠂ ᠵᠠᠷᠢᠮ ᠨᠢ ᠲᠣᠰᠬᠤᠨ ᠤ ᠲᠤᠳᠤᠷ᠎ᠠ | ᠭᠠᠳᠠᠨᠠᠬᠢ ᠪᠠ ᠵᠠᠮ ᠳᠠᠭᠠᠤ ᠳᠠᠬᠢ ᠬᠤᠭ ᠨᠣᠪᠰᠢ ᠶᠢ ᠴᠡᠪᠡᠷᠯᠡᠨ ᠠᠷᠢᠯᠭᠠᠭᠰᠠᠨ ᠪᠠᠶᠢᠯ᠎ᠠ᠃ ᠡᠭᠦᠨ ᠤ ᠬᠠᠮᠳᠤ᠂ | ᠠᠷᠠᠳ ᠢᠷᠭᠡᠳ ᠢ ᠰᠠᠨᠠᠭᠠᠴᠢᠯᠠᠭ᠎ᠠ ᠠᠴᠠ ᠪᠠᠨ ᠦᠶᠯᠡ ᠠᠵᠢᠯᠯᠠᠭ᠎ᠠ ᠪᠠᠨ ᠲᠦᠷᠢᠮᠵᠢᠬᠦᠯᠵᠦ᠂ ᠦᠵᠡᠰᠬᠦᠯᠡᠩᠲᠦ | ᠰᠠᠶᠢᠬᠠᠨ ᠭᠡᠷ ᠣᠷᠣᠨ ᠢᠶᠠᠨ ᠬᠠᠶᠢᠷᠠᠯᠠᠨ ᠬᠠᠮᠠᠭᠠᠯᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ | ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠤᠷᠤᠯᠴᠠᠨ᠂ ᠰᠢᠨ᠎ᠡ ᠴᠠᠭ ᠦᠶ᠎ᠡ ᠶᠢᠨ | ᠯᠧᠢ ᠹᠧᠩ ᠤᠨ ᠵᠣᠷᠢᠭ ᠰᠠᠨᠠᠭᠠᠨ ᠤ ᠤᠯᠠᠮᠵᠢᠯᠠᠭᠴᠢ᠂ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠤ᠂ | ᠨᠡᠶᠢᠭᠡᠮ ᠤᠨ ᠵᠦᠪ ᠡᠨᠧᠷᠬᠢ ᠶᠢ ᠲᠠᠮᠵᠢᠭᠤᠯᠤᠨ᠂ ᠰᠠᠶᠢᠨ ᠰᠠᠶᠢᠬᠠᠨ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ | ᠪᠣᠶ ᠪᠣᠯᠭᠠᠬᠤ ᠭᠡᠷᠡᠭᠳᠡᠢ ᠬᠡᠵᠦ ᠤᠷᠢᠶᠠᠯᠠᠪᠠ᠃ ᠰᠠᠶᠢᠨ ᠲᠤᠷᠠᠳᠠᠳ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ | ᠳᠡᠷᠭᠡᠳᠡᠬᠢ ᠣᠯᠠᠨ ᠲᠦᠮᠡᠨ ᠳᠡᠭᠡᠨ ︽ᠪᠤᠰᠤᠳ ᠲᠤ ᠦᠢᠯᠡᠴᠢᠯᠡᠵᠦ᠂ ᠨᠡᠶᠢᠭᠡᠮ ᠳᠤ ᠲᠤᠰᠠᠯᠠᠬᠤ︾ ᠰᠠᠶᠢᠨ ᠳᠤᠷ᠎ᠠ | ᠶᠢᠨ ᠦᠢᠯᠡᠴᠢᠯᠡᠭᠡᠨ ᠤ ᠣᠶᠢᠯᠠᠭᠠᠭᠳᠠᠬᠤᠨ ᠢ ᠤᠯᠠᠮᠵᠢᠯᠠᠵᠤ᠂ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠤᠨ | ᠂ ᠨᠡᠶᠢᠭᠡᠮ ᠤᠨ ᠵᠦᠪ ᠡᠨᠧᠷᠬᠢ ᠶᠢ ᠲᠠᠶᠢᠴᠢᠯᠠᠵᠠᠢ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤ ᠨᠢ | ᠦᠷᠭᠦᠯᠵᠢᠯᠡᠨ ︽ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ | ᠭᠦᠨᠵᠡᠭᠡᠶᠢᠷᠡᠭᠦᠯᠬᠦ︾ ᠪᠠᠷ ᠭᠤᠣᠯ ᠰᠡᠳᠦᠪ ᠪᠣᠯᠭᠠᠨ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠥᠷᠨᠢᠭᠦᠯᠵᠦ᠂ ᠰᠢᠨ᠎ᠡ ᠴᠠᠭ ᠦᠶ᠎ᠡ ᠶᠢᠨ ᠯᠧᠢ ᠹᠧᠩ ᠤᠨ ᠵᠣᠷᠢᠭ ᠰᠠᠨᠠᠭ᠎ᠠ ᠶᠢ ᠶᠡᠭᠡ ᠪᠠᠷ ᠤᠯᠠᠮᠵᠢᠯᠠᠨ | ᠪᠠᠳᠠᠷᠠᠭᠤᠯᠬᠤ ᠪᠠᠷ ᠪᠠᠶᠢᠨ᠎ᠠ᠃ |