ᠴᠢᠶᠠᠨ ᠶᠢᠨ ᠭᠸᠦ ᠪᠠᠯᠭᠠᠰᠤᠨ ᠤ ᠬᠢᠨ ᠯᠧᠢ ᠹᠧᠩ ᠠᠴᠠ ᠰᠤᠷᠤᠯᠴᠠᠬᠤ ᠰᠠᠶᠢᠨ ᠲᠤᠷ᠎ᠠ ᠶᠢᠨ ᠦᠢᠯᠡᠴᠢᠯᠡᠭᠡ ᠦᠷᠨᠢᠬᠦᠯᠪᠡ
ᠨᠡᠶᠢᠲᠡᠯᠡᠭᠰᠡᠨ ᠴᠠᠭ᠄
2023/3/6
  ᠯᠧᠢ ᠹᠧᠩ ᠤᠨ ᠵᠣᠷᠢᠭ ᠰᠠᠨᠠᠭ᠎ᠠ ᠶᠢ  ᠪᠠᠳᠠᠷᠠᠭᠤᠯᠵᠤ  ᠂ ︽ᠬᠠᠷᠠᠮ ᠦᠭᠡᠢ ᠵᠣᠷᠢᠭᠤᠯᠬᠤ᠂ ᠨᠦᠬᠦᠷᠯᠡᠯ ᠢ ᠡᠷᠬᠢᠮᠯᠡᠬᠦ᠂ ᠬᠠᠷᠢᠯᠴᠠᠨ ᠬᠠᠪᠰᠤᠷᠤᠯᠴᠠᠬᠤ᠂  ᠤᠷᠤᠭᠰᠢᠯᠠᠨ ᠳᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠤᠯᠠᠮᠵᠢᠯᠠᠨ ᠳᠡᠯᠭᠡᠷᠡᠭᠦᠯᠬᠦ ᠶᠢᠨ ᠲᠥᠯᠥᠭᠡ᠂ 3 ᠰᠠᠷ᠎ᠠ ᠶᠢᠨ 3 ᠤ ᠡᠳᠦᠷ ᠠᠴᠠ ᠡᠬᠢᠯᠡᠨ ᠴᠢᠶᠠᠨ ᠶᠢᠨ ᠭᠧᠦ ᠪᠠᠯᠭᠠᠰᠤᠨ ᠤ 37 ᠲᠤᠰᠬᠤᠨ ᠨᠢ ︽ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠠᠵᠢᠯᠯᠠᠭ᠎ᠠ︾  ᠶᠢ ᠥᠷᠨᠢᠭᠦᠯᠵᠦ᠂  ᠵᠡᠮᠳᠡᠭᠴᠤᠳ᠂ ᠨᠠᠰᠤᠳᠠᠶᠢᠴᠤᠳ  ᠂ ᠰᠤᠷᠤᠭᠴᠢᠳ ᠲᠤ ᠬᠠᠯᠠᠭᠤᠨ ᠰᠡᠳᠬᠢᠯ ᠤᠨ ᠦᠢᠯᠡᠴᠢᠯᠡᠭᠡ ᠬᠦᠷᠭᠡᠵᠡᠢ᠃  ᠡᠯ᠎ᠡ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡᠨ ᠤ ᠰᠠᠶᠢᠨ ᠳᠤᠷ᠎ᠠ ᠶᠢᠨ  ᠦᠢᠯᠡᠴᠢᠯᠡᠭᠴᠢᠳ ᠤᠨ ᠵᠠᠷᠢᠮ ᠨᠢ ᠵᠡᠮᠳᠡᠭᠴᠤᠳ ᠪᠠ ᠨᠠᠰᠤᠳᠠᠶᠢᠴᠤᠳ ᠤᠨ ᠭᠡᠷ ᠬᠦᠷᠢᠶ᠎ᠡ ᠶᠢ ᠨᠢ ᠴᠡᠪᠡᠷᠯᠡᠵᠦ᠂ ᠰᠢᠯ  ᠴᠤᠩᠬᠤ ᠶᠢ ᠨᠢ ᠵᠦᠯᠬᠦᠨ᠂ ᠭᠡᠷ ᠤᠨ ᠠᠵᠢᠯ ᠢ ᠨᠢ ᠬᠢᠵᠦ᠂ ᠵᠠᠷᠢᠮ ᠨᠢ ᠪᠠᠯᠭᠠᠰᠤᠨ ᠤ ᠪᠠᠭ᠎ᠠ ᠰᠤᠷᠭᠠᠭᠤᠯᠢ ᠶᠢᠨ  ᠬᠦᠷᠢᠶᠡᠨ ᠳᠠᠬᠢ ᠬᠤᠷᠠᠭᠰᠠᠨ ᠴᠠᠰᠤ ᠶᠢ ᠴᠡᠪᠡᠷᠯᠡᠵᠦ᠂ ᠵᠠᠷᠢᠮ ᠨᠢ ᠲᠣᠰᠬᠤᠨ ᠤ ᠲᠤᠳᠤᠷ᠎ᠠ ᠭᠠᠳᠠᠨᠠᠬᠢ ᠪᠠ ᠵᠠᠮ ᠳᠠᠭᠠᠤ  ᠳᠠᠬᠢ ᠬᠤᠭ ᠨᠣᠪᠰᠢ ᠶᠢ ᠴᠡᠪᠡᠷᠯᠡᠨ ᠠᠷᠢᠯᠭᠠᠭᠰᠠᠨ ᠪᠠᠶᠢᠯ᠎ᠠ᠃ ᠡᠭᠦᠨ ᠤ ᠬᠠᠮᠳᠤ᠂  ᠠᠷᠠᠳ ᠢᠷᠭᠡᠳ ᠢ ᠰᠠᠨᠠᠭᠠᠴᠢᠯᠠᠭ᠎ᠠ   ᠠᠴᠠ ᠪᠠᠨ ᠦᠶᠯᠡ ᠠᠵᠢᠯᠯᠠᠭ᠎ᠠ ᠪᠠᠨ ᠲᠦᠷᠢᠮᠵᠢᠬᠦᠯᠵᠦ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠶᠢᠷᠠᠯᠠᠨ ᠬᠠᠮᠠᠭᠠᠯᠠᠵᠤ᠂ ᠰᠢᠨ᠎ᠡ ᠴᠠᠭ ᠦᠶ᠎ᠡ   ᠶᠢᠨ ᠪᠣᠯᠪᠠᠰᠤᠨ ᠤ ᠦᠢᠯᠡᠳᠦᠯᠭᠡ   ᠶᠢᠨ ᠰᠠᠶᠢᠨ ᠳᠤᠷ᠎ᠠ   ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠤᠷᠤᠯᠴᠠᠨ᠂ ᠰᠢᠨ᠎ᠡ ᠴᠠᠭ ᠦᠶ᠎ᠡ   ᠶᠢᠨ ᠯᠧᠢ ᠹᠧᠩ ᠤᠨ ᠵᠣᠷᠢᠭ ᠰᠠᠨᠠᠭᠠᠨ ᠤ ᠤᠯᠠᠮᠵᠢᠯᠠᠭᠴᠢ᠂ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠤ᠂ ᠨᠡᠶᠢᠭᠡᠮ ᠤᠨ ᠵᠦᠪ ᠡᠨᠧᠷᠬᠢ ᠶᠢ ᠲᠠᠮᠵᠢᠭᠤᠯᠤᠨ᠂ ᠰᠠᠶᠢᠨ ᠰᠠᠶᠢᠬᠠᠨ ᠬᠥᠳᠡᠭᠡ ᠲᠣᠰᠬᠤᠨ ᠤ ᠪᠣᠯᠪᠠᠰᠤᠨ ᠰᠤᠷᠲᠠᠯ   ᠢ ᠪᠣᠶ ᠪᠣᠯᠭᠠᠬᠤ ᠭᠡᠷᠡᠭᠳᠡᠢ ᠬᠡᠵᠦ ᠤᠷᠢᠶᠠᠯᠠᠪᠠ᠃  ᠰᠠᠶᠢᠨ ᠲᠤᠷᠠᠳᠠᠳ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠣᠯᠠᠨ ᠲᠦᠮᠡᠨ ᠳᠡᠭᠡᠨ ︽ᠪᠤᠰᠤᠳ ᠲᠤ ᠦᠢᠯᠡᠴᠢᠯᠡᠵᠦ᠂ ᠨᠡᠶᠢᠭᠡᠮ ᠳᠤ ᠲᠤᠰᠠᠯᠠᠬᠤ︾ ᠰᠠᠶᠢᠨ ᠳᠤᠷ᠎ᠠ   ᠶᠢᠨ ᠦᠢᠯᠡᠴᠢᠯᠡᠭᠡᠨ ᠤ ᠣᠶᠢᠯᠠᠭᠠᠭᠳᠠᠬᠤᠨ   ᠢ ᠤᠯᠠᠮᠵᠢᠯᠠᠵᠤ᠂ ᠯᠧᠢ ᠹᠧᠩ ᠤᠨ ᠵᠣᠷᠢᠭ ᠰᠠᠨᠠᠭ᠎ᠠ   ᠶᠢ ᠪᠠᠳᠠᠷᠠᠭᠤᠯᠤᠨ ᠂ ᠨᠡᠶᠢᠭᠡᠮ ᠤᠨ ᠵᠦᠪ ᠡᠨᠧᠷᠬᠢ ᠶᠢ ᠲᠠᠶᠢᠴᠢᠯᠠᠵᠠᠢ᠃ ᠲᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤ ᠨᠢ ᠦᠷᠭᠦᠯᠵᠢᠯᠡᠨ ︽ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠬᠦ︾ ᠪᠠᠷ ᠭᠤᠣᠯ ᠰᠡᠳᠦᠪ ᠪᠣᠯᠭᠠᠨ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠰᠢᠨ᠎ᠡ ᠴᠠᠭ ᠦᠶ᠎ᠡ ᠶᠢᠨ ᠯᠧᠢ ᠹᠧᠩ ᠤᠨ ᠵᠣᠷᠢᠭ ᠰᠠᠨᠠᠭ᠎ᠠ ᠶᠢ ᠶᠡᠭᠡ ᠪᠠᠷ ᠤᠯᠠᠮᠵᠢᠯᠠᠨ ᠪᠠᠳᠠᠷᠠᠭᠤᠯᠬᠤ ᠪᠠᠷ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号