ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠰᠤᠮᠤ ᠰᠢᠶᠠᠩ ᠪᠠᠯᠭᠠᠰᠤᠨ ᠳᠤ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/3/7
    ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠴᠢᠳᠠᠪᠤᠷᠢ ᠶᠢ ᠤᠯᠠᠮ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠭᠠᠯ  ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠪᠣᠯᠣᠨ ᠭᠠᠯ ᠤᠨᠲᠠᠷᠠᠭᠠᠬᠤ  ᠮᠡᠳᠡᠯᠭᠡ ᠴᠢᠳᠠᠪᠤᠷᠢ ᠶᠢ  ᠨᠡᠮᠡᠭᠳᠡᠬᠦᠯᠦᠨ᠂  ᠪᠦᠬᠦ ᠬᠤᠰᠢᠭᠤᠨ ᠤ ᠠᠮᠤᠷ ᠲᠣᠭᠲᠠᠭᠤᠨ ᠪᠠᠶᠢᠳᠠᠯ ᠢ ᠦᠨᠡᠨᠬᠦ ᠪᠠᠲᠤᠯᠠᠬᠤ ᠶᠢᠨ ᠲᠤᠰᠠᠳᠠ᠂  ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ   ᠨᠢ ᠣᠶᠢᠷ᠎ᠠ ᠳᠤ 7 ᠰᠤᠮᠤ ᠰᠢᠶᠠᠩ ᠪᠠᠯᠭᠠᠰᠤᠨ ᠳᠤ ᠬᠦᠨᠵᠡᠬᠡᠶᠢᠷᠡᠵᠦ᠂ ᠭᠠᠯ  ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠥᠷᠨᠢᠭᠦᠯᠪᠡ᠃ ᠪᠣᠯᠪᠠᠰᠤᠷᠠᠯ ᠳᠡᠭᠡᠷ᠎ᠡ᠂ ᠭᠠᠯ ᠤᠨᠲᠠᠷᠠᠭᠠᠬᠤ ᠠᠵᠢᠯᠲᠠᠳ ᠠᠴᠠ ᠮᠠᠯᠵᠢᠬᠤ ᠲᠠᠷᠢᠶᠠᠯᠠᠬᠤ ᠣᠷᠣᠨ ᠤ ᠭᠠᠯ ᠤᠨ ᠠᠶᠤᠯ ᠤᠨ ᠡᠬᠦᠰᠬᠦ ᠰᠢᠯᠲᠠᠭᠠᠨ᠂ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠬᠦ᠂  ᠥᠪᠡᠷ ᠢ ᠪᠠᠨ ᠠᠪᠤᠷᠠᠵᠤ ᠠᠮᠢ ᠵᠢᠭᠤᠲᠠᠬᠤ  ᠵᠡᠷᠭᠡ ᠠᠭᠤᠯᠭ᠎ᠠ ᠶᠢ  ᠦᠯᠢᠬᠡᠷ ᠵᠢᠱᠢᠶ᠎ᠡ ᠲᠠᠳᠠᠵᠤ ᠠᠮᠢᠳᠤᠯᠢᠭ ᠳᠦᠷᠰᠦᠯᠢᠭ ᠲᠠᠶᠢᠯᠪᠤᠷᠢᠯᠠᠭᠰᠠᠨ ᠤ ᠬᠠᠮᠲᠤ  ᠂  ᠭᠠᠯ ᠤᠨᠳᠠᠷᠠᠭᠠᠬᠤ ᠪᠠᠭᠠᠵᠢ ᠭᠡᠷᠡᠭᠰᠡᠯ   ᠤᠨ ᠬᠡᠷᠡᠭᠯᠡᠬᠦ ᠠᠷᠭ᠎ᠠ ᠶᠢ ᠲᠤᠬᠠᠢ   ᠶᠢᠨ ᠲᠠᠯᠠᠪᠠᠶ ᠳᠤ ᠬᠠᠷᠠᠭᠤᠯᠤᠨ ᠵᠢᠭᠠᠵᠤ᠂  ᠪᠣᠯᠪᠠᠰᠤᠷᠠᠯ ᠳᠤ ᠣᠷᠣᠯᠴᠠᠭᠰᠠᠳ   ᠢ  ᠵᠢᠯᠤᠭᠤᠳᠤᠨ ᠤᠷᠤᠯᠴᠠᠭᠤᠯᠤᠭᠠᠳ᠂  ᠮᠠᠰᠢ ᠰᠠᠶᠢᠨ ᠦᠷ᠎ᠡ ᠪᠦᠲᠦᠮᠵᠢ ᠤᠯᠤᠭᠰᠠᠨ ᠪᠠᠶᠢᠨ᠎ᠠ᠃ ᠬᠤᠷᠠᠯ ᠤᠨ ᠳᠠᠷᠠᠭ᠎ᠠ᠂ ᠠᠵᠢᠯᠳᠠᠳ ᠪᠠᠰᠠ ᠭᠠᠯ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ  ᠂ ᠤᠬᠠᠭᠤᠯᠭ᠎ᠠ ᠶᠢᠨ ᠬᠤᠷᠮᠣᠶᠢᠪᠴᠢ ᠵᠡᠷᠭᠡ ᠶᠢ ᠲᠠᠷᠬᠠᠭᠠᠵᠤ᠂ ᠣᠯᠠᠨ ᠲᠦᠮᠡᠨ ᠤ  ᠠᠰᠠᠭᠤᠵᠤ ᠯᠠᠪᠯᠠᠭᠰᠠᠨ ᠵᠦᠢᠯ ᠳᠤ ᠨᠠᠷᠢᠨ ᠲᠤᠳᠤᠷᠬᠠᠢ ᠬᠠᠷᠢᠭᠤᠯᠳᠠ ᠦᠭᠴᠡᠢ᠃ ᠲᠠᠷᠠᠭᠠᠴᠢ  ᠪᠠᠷ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ  ᠶᠢᠨ ᠬᠢᠨ ᠮᠠᠯᠵᠢᠬᠤ ᠲᠠᠷᠢᠶᠠᠯᠠᠬᠤ ᠣᠷᠣᠨ ᠳᠠᠬᠢ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠲᠦᠮᠡᠨ ᠤ ᠭᠠᠯ  ᠰᠡᠷᠭᠡᠶᠢᠯᠡᠬᠦ ᠴᠢᠳᠠᠪᠤᠷᠢ ᠶᠢ ᠴᠢᠩᠭᠠᠷᠠᠭᠤᠯᠤᠨ᠂ ᠠᠮᠤᠷ ᠠᠮᠤᠭᠤᠯᠠᠩ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠪᠦᠬᠦ ᠬᠤᠰᠢᠭᠤᠨ ᠤ ᠭᠠᠯ   ᠰᠡᠷᠭᠡᠶᠢᠯᠡᠯᠳᠡ ᠶᠢᠨ ᠠᠵᠢᠯ ᠳᠤ ᠪᠠᠲᠤ ᠪᠠᠬᠢ ᠰᠠᠭᠤᠷᠢ   ᠶᠢ ᠲᠠᠯᠪᠢᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号