ᠲᠠᠶᠢᠹᠤᠰᠧ ᠬᠤᠰᠢᠭᠤ ᠣᠷᠤᠭ ᠭᠡᠷ ᠪᠦᠯᠢ ᠶᠢᠨ ᠬᠥᠮᠦᠵᠢᠯ ᠪᠠ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠲᠤᠬᠠᠢ  ᠬᠢᠴᠢᠶᠡᠯ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2023/3/7
   ᠡᠷᠬᠡ ᠲᠡᠭᠰᠢ᠂ ᠡᠶ᠎ᠡ ᠨᠠᠶᠢᠷᠲᠠᠢ᠂ ᠪᠣᠯᠪᠠᠰᠤᠨ ᠰᠠᠶᠢᠬᠠᠨ ᠣᠷᠤᠭ ᠭᠡᠷ ᠪᠦᠯᠢ ᠶᠢᠨ ᠬᠠᠷᠢᠴᠠᠭ᠎ᠠ ᠶᠢ  ᠲᠡᠯᠭᠡᠷᠡᠬᠦᠯᠵᠦ᠂  ᠠᠷᠠᠳ ᠢᠷᠭᠡᠳ ᠤᠨ ᠬᠠᠤᠯᠢ   ᠶᠢᠨ ᠦᠵᠡᠯ ᠤᠬᠠᠮᠰᠠᠷ ᠢ  ᠴᠢᠩᠭᠠᠳᠬᠠᠨ᠂ ᠨᠠᠰᠤᠲᠠᠶᠢᠴᠤᠳ ᠢ ᠬᠠᠶᠢᠷᠠᠯᠠᠨ ᠬᠠᠯᠠᠮᠵᠢᠯᠠᠬᠤ ᠠᠵᠢᠯ ᠢ ᠤᠯᠠᠮ ᠰᠠᠶᠢᠨ ᠬᠢᠬᠦ ᠶᠢᠨ ᠲᠥᠯᠥᠭᠡ᠂ 3 ᠰᠠᠷ᠎ᠠ ᠶᠢᠨ 6 ᠤ ᠡᠳᠦᠷ  ᠲᠠᠶᠢᠹᠤᠰᠧ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠪᠤᠤᠴᠠᠩ ᠪᠠᠯᠭᠠᠰᠤᠨ ᠤ ᠬᠢᠨ ᠬᠠᠮᠳᠤᠷᠠᠨ᠂  ᠵᠢᠶᠠᠨ ᠰᠢᠩ ᠨᠡᠶᠢᠭᠡᠮ ᠲᠣᠭᠤᠷᠢᠭ ᠲᠤ ᠣᠷᠤᠭ ᠭᠡᠷ ᠪᠦᠯᠢ ᠶᠢᠨ ᠬᠥᠮᠦᠵᠢᠯ ᠪᠠ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠲᠤᠰᠬᠠᠢ ᠰᠡᠳᠦᠪᠳᠦ ᠬᠢᠴᠢᠶᠡᠯ ᠲᠠᠶᠢᠯᠤᠮᠵᠢ ᠬᠢᠵᠡᠢ᠃ ᠡᠨᠡ ᠤᠳᠠᠭ᠎ᠠ ᠤᠯᠤᠰ ᠤᠨ ᠰᠡᠳᠬᠢᠴᠡ ᠶᠢᠨ ᠡᠷᠡᠭᠦᠯ ᠮᠡᠨᠳᠦ ᠶᠢᠨ ᠵᠢᠯᠣᠭᠤᠳᠤᠭᠴᠢ ᠪᠠᠭᠰᠢ ᠪᠠᠢ ᠶᠠᠨ ᠮᠧᠶ ᠶᠢ ᠤᠷᠢᠵᠤ᠂ ᠡᠷ᠎ᠡ ᠡᠮ᠎ᠡ ᠶᠢᠨ  ᠬᠠᠷᠢᠯᠴᠠᠭ᠎ᠠ  ᠣᠶᠢᠯᠠᠭᠠᠯᠴᠠᠭ᠎ᠠ ᠪᠠᠷ ᠭᠤᠣᠯ ᠰᠡᠳᠦᠪ  ᠪᠤᠯᠭᠠᠨ᠂ ᠡᠶ᠎ᠡ ᠵᠣᠬᠢᠴᠠᠯ ᠲᠠᠢ ᠭᠡᠷ ᠪᠦᠯᠢ ᠶᠢ ᠬᠡᠷᠬᠢᠨ ᠪᠠᠶᠢᠭᠤᠯᠬᠤ ᠲᠤᠬᠠᠢ ᠨᠠᠷᠢᠨ ᠲᠠᠶᠢᠯᠤᠮᠵᠢ ᠬᠢᠵᠦ᠂   ᠨᠥᠭᠦᠭᠡ ᠡᠲᠡᠭᠡᠳ ᠤᠨ ᠢᠶᠠᠨ ᠰᠡᠳᠬᠢᠯ ᠤᠨ ᠦᠭᠡ ᠶᠢ ᠬᠡᠷᠬᠢᠨ ᠰᠣᠨᠣᠰᠴᠤ᠂ ᠥᠪᠡᠷ ᠤᠨ ᠰᠠᠨᠠᠯ ᠢᠶᠠᠨ ᠵᠥᠪ ᠣᠨᠣᠪᠴᠢᠲᠠᠶ ᠢᠯᠡᠳᠬᠡᠬᠦ ᠶᠢ ᠰᠤᠷᠤᠯᠴᠠᠭᠰᠠᠨ ᠤ ᠬᠠᠮᠲᠤ᠂  ᠪᠣᠳᠠᠲᠤ ᠵᠢᠱᠢᠶ᠎ᠡ ᠲᠠᠢ ᠤᠶᠠᠯᠳᠤᠭᠤᠯᠤᠨ᠂ ᠤᠳᠤ ᠦᠶ᠎ᠡ ᠶᠢᠨ ᠤᠷᠤᠬ ᠭᠡᠷ ᠪᠦᠯᠢ ᠳᠠᠬᠢ ᠡᠷ᠎ᠡ ᠡᠮ᠎ᠡ ᠶᠢᠨ ᠬᠠᠷᠢᠴᠠᠭ᠎ᠠ ᠶᠢ ᠰᠢᠢᠳᠪᠦᠷᠢᠯᠡᠬᠦ ᠵᠡᠷᠭᠡ ᠠᠰᠠᠭᠤᠳᠠᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠤ᠂ ᠰᠢᠨᠵᠢᠯᠡᠬᠦ ᠤᠬᠠᠭᠠᠨᠴᠢ ᠰᠠᠶᠢᠨ ᠰᠠᠶᠢᠬᠠᠨ ᠤᠷᠤᠬ ᠭᠡᠷ ᠪᠦᠯᠢ ᠶᠢᠨ ᠦᠵᠡᠯᠲᠡ ᠶᠢ  ᠤᠬᠠᠭᠤᠯᠤᠭᠰᠠᠨ ᠪᠠᠶᠢᠨ᠎ᠠ᠃   ᠪᠠᠢ ᠶᠠᠨ ᠮᠧᠶ ᠪᠠᠭᠰᠢ ᠠᠴᠠ ᠪᠠᠰᠠ ᠲᠦᠬᠦᠮ ᠣᠶᠢᠯᠠᠭᠠᠮᠵᠢᠲᠠᠢ ᠦᠭᠡ ᠬᠡᠯᠡ ᠪᠠᠷ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠬᠠᠷᠢᠴᠠᠭ᠎ᠠ ᠵᠢᠴᠢ ᠣᠶᠤᠨ ᠰᠠᠨᠠᠭᠠᠨ ᠤ ᠳᠠᠷᠤᠯᠲᠠ ᠶᠢᠨ ᠲᠣᠭᠤᠷᠢᠨ ᠳᠤ ᠲᠠᠶᠢᠯᠤᠮᠵᠢ ᠬᠢᠵᠦ᠂  ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠪᠠ ᠰᠡᠳᠬᠢᠴᠡ ᠶᠢᠨ ᠵᠢᠯᠣᠭᠤᠳᠤᠯᠭ᠎ᠠ ᠶᠢᠨ ᠦᠨᠳᠦᠰᠦᠨ ᠠᠷᠭ᠎ᠠ ᠮᠡᠷᠭᠡᠵᠢᠯ ᠢ ᠨᠠᠷᠢᠨ ᠨᠢᠮᠪᠠᠢ ᠲᠠᠶᠢᠯᠪᠤᠷᠢᠯᠠᠵᠠᠢ᠃  ᠪᠤᠤᠴᠠᠩ ᠪᠠᠯᠭᠠᠰᠤᠨ ᠤ 100 ᠭᠠᠷᠤᠢ ᠰᠠᠭᠤᠭᠠᠯᠢ ᠠᠷᠠᠳ ᠬᠢᠴᠢᠶᠡᠯ ᠲᠠᠶᠢᠯᠤᠮᠵᠢ ᠶᠢ ᠰᠤᠨᠤᠰᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号