ᠲᠡᠦᠬᠡ ᠶᠢᠨ ᠳᠤᠷᠠᠰᠬᠠᠯᠲᠤ ᠵᠦᠢᠯᠡᠰ ᠴᠤᠭᠯᠠᠭᠤᠯᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2023/3/7
    ᠲᠠᠶᠢᠹᠤᠰᠧ ᠬᠤᠰᠢᠭᠤᠨ ᠤ ᠮᠦᠽᠧᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠦᠷᠦᠯ ᠵᠦᠢᠯ ᠪᠣᠯᠣᠨ ᠲᠤᠭ᠎ᠠ ᠬᠡᠮᠵᠢᠶ᠎ᠡ ᠶᠢ  ᠠᠷᠪᠢᠵᠢᠭᠤᠯᠵᠤ᠂  ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠤᠨ ᠦᠵᠡᠭᠦᠯᠦᠯᠭᠡ ᠶᠢ ᠠᠬᠢᠭᠤᠯᠬᠤ ᠶᠢᠨ ᠲᠥᠯᠥᠭᠡ᠂   ᠡᠳᠦᠭᠡ ᠨᠡᠶᠢᠭᠡᠮ ᠨᠡᠶᠢᠳᠡ ᠠᠴᠠ ᠲᠤᠰ ᠭᠠᠵᠠᠷ ᠣᠷᠣᠨ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ᠂ ᠵᠠᠩ ᠦᠢᠯᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠪᠣᠯᠣᠨ ᠬᠠᠮᠢᠶ᠎ᠠ ᠪᠦᠬᠦᠢ ᠲᠡᠦᠬᠡ ᠶᠢᠨ ᠮᠠᠲ᠋ᠧᠷᠢᠶᠠᠯ ᠢ ᠴᠤᠭᠯᠠᠭᠤᠯᠬᠤ ᠪᠠᠷ ᠲᠣᠭᠲᠠᠪᠠ᠃        ᠨᠢᠬᠡ᠂ ᠴᠤᠭᠯᠠᠭᠤᠯᠭ᠎ᠠ ᠶᠢᠨ ᠬᠡᠪᠴᠢᠶ᠎ᠡ       1. ᠲᠠᠶᠢᠹᠤᠰᠧ ᠬᠤᠰᠢᠭᠤᠨ ᠤ ᠡᠯ᠎ᠡ ᠲᠡᠦᠬᠡᠨ ᠴᠠᠭ ᠦᠶ᠎ᠡ ᠶᠢᠨ ᠰᠣᠶᠣᠯ᠂ ᠡᠯ᠎ᠡ ᠦᠨᠳᠦᠰᠦᠲᠡᠨ ᠤ ᠰᠣᠶᠣᠯ᠂ ᠨᠡᠶᠢᠭᠡᠮ ᠤᠨ ᠠᠵᠤ ᠠᠬᠤᠢ  ᠂ ᠠᠮᠢᠳᠤᠷᠠᠯ ᠤᠨ ᠲᠥᠯᠥᠭᠡᠯᠡᠬᠦ ᠴᠢᠨᠠᠷᠲᠠᠢ ᠪᠣᠳᠠᠰ᠃      2. ᠣᠷᠴᠢᠨ ᠤᠳᠤ ᠦᠶ᠎ᠡ ᠶᠢᠨ ᠬᠤᠪᠢᠰᠬᠠᠯ ᠤᠨ ᠲᠡᠦᠬᠡᠨ ᠶᠠᠪᠤᠳᠠᠯ᠂ ᠲᠡᠦᠬᠡ ᠶᠢᠨ ᠦᠯᠡᠳᠡᠭᠳᠡᠯ ᠤᠨ ᠪᠣᠳᠠᠲᠤ ᠶᠠᠭᠤᠮ᠎ᠠ ᠪᠠ ᠮᠠᠲ᠋ᠧᠷᠢᠶᠠᠯ᠃ ᠡᠭᠦᠨ ᠳᠤ ᠭᠤᠣᠯᠳᠠᠭᠤ ᠴᠢᠬᠤᠯᠠ ᠰᠤᠷᠪᠤᠯᠵᠢ ᠪᠢᠴᠢᠭ ᠤᠨ ᠮᠠᠲ᠋ᠧᠷᠢᠶᠠᠯ᠂ ᠪᠢᠴᠢᠮᠡᠯ ᠡᠬᠡ᠂ ᠨᠣᠮ ᠪᠢᠴᠢᠭ᠂ ᠭᠡᠷᠡᠯ ᠵᠢᠷᠤᠭ᠂ ᠲᠤᠭ ᠳᠠᠯᠪᠠᠭ᠎ᠠ᠂ ᠭᠠᠵᠠᠷ ᠤᠨ ᠵᠢᠷᠤᠭ᠂ ᠰᠦᠯᠳᠡ᠂ ᠦᠨᠡᠮᠯᠡᠯ᠂ ᠲᠠᠮᠠᠭ᠎ᠠ᠂ ᠤᠬᠠᠭᠤᠯᠭ᠎ᠠ ᠶᠢᠨ ᠪᠤᠳᠠᠰ᠂ ᠤᠳᠤᠷᠢᠳᠬᠤ ᠭᠡᠰᠢᠬᠦᠳ ᠤᠨ ᠨᠡᠷᠡᠰ᠂ ᠬᠤᠷᠠᠯ ᠤᠨ ᠲᠡᠮᠳᠡᠭᠯᠡᠯ᠂  ᠮᠡᠳᠡᠭᠡ ᠵᠠᠷᠯᠠᠯ᠂ ᠦᠷᠡᠭᠳᠡᠭᠰᠡᠨ ᠪᠠᠭᠠᠲᠤᠷᠴᠤᠳ ᠤᠨ ᠬᠦᠷᠦᠭ ᠪᠠ ᠦᠯᠡᠳᠡᠭᠡᠭᠰᠡᠨ ᠶᠠᠭᠤᠮ᠎ᠠ᠂ ᠪᠠᠭᠠᠲᠤᠷ ᠵᠢᠱᠢᠶᠡᠴᠢ ᠬᠥᠮᠥᠰ ᠤᠨ ᠬᠦᠷᠦᠭ ᠪᠠ ᠦᠯᠡᠳᠡᠭᠡᠭᠰᠡᠨ ᠶᠠᠭᠤᠮ᠎ᠠ ᠵᠡᠷᠭᠡ  ᠪᠠᠭᠳᠠᠨ᠎ᠠ᠃          ᠬᠤᠶᠠᠷ᠂ ᠴᠤᠭᠯᠠᠭᠤᠯᠭ᠎ᠠ ᠶᠢᠨ ᠬᠡᠯᠪᠡᠷᠢ       1. ᠦᠨ᠎ᠡ ᠲᠥᠯᠥᠪᠦᠷᠢ ᠦᠭᠡᠢ ᠬᠠᠨᠳᠢᠪᠯᠠᠬᠤ  ᠄  ᠬᠠᠨᠳᠢᠪᠯᠠᠨ ᠬᠦᠷᠭᠡᠭᠰᠡᠨ ᠲᠡᠦᠬᠡ ᠶᠢᠨ ᠳᠤᠷᠠᠰᠬᠠᠯᠲᠤ ᠵᠦᠢᠯ ᠢ ᠲᠤᠰᠬᠠᠢ ᠮᠡᠷᠭᠡᠵᠢᠯᠲᠡᠨ ᠬᠢᠨᠠᠨ ᠰᠢᠯᠠᠭᠠᠳ ᠬᠤᠷᠢᠶᠠᠨ ᠠᠪᠴᠤ ᠬᠠᠳᠠᠭᠠᠯᠠᠬᠤ  ᠪᠠᠷ  ᠲᠤᠭᠳᠠᠪᠠᠯ᠂ ᠬᠠᠨᠳᠢᠪᠯᠠᠭᠰᠠᠨ  ᠬᠦᠮᠦᠨ ᠳᠤ ᠦᠨᠡᠮᠯᠡᠯ ᠣᠯᠭᠤᠨ᠎ᠠ᠃      2. ᠲᠥᠯᠥᠪᠦᠷᠢ ᠲᠠᠢ ᠴᠤᠭᠯᠠᠭᠤᠯᠬᠤ᠄ ᠲᠡᠦᠬᠡ ᠶᠢᠨ ᠦᠨ᠎ᠡ ᠦᠷᠳᠡᠭ ᠲᠠᠢ᠂ ᠰᠤᠳᠤᠯᠭᠠᠨ ᠤ ᠦᠨ᠎ᠡ ᠦᠷᠳᠡᠭ ᠲᠠᠢ ᠲᠡᠦᠬᠡ ᠶᠢᠨ ᠳᠤᠷᠠᠰᠬᠠᠯᠲᠤ ᠵᠦᠢᠯ ᠢ  ᠠᠩᠬᠠᠨ ᠤ ᠮᠠᠭᠠᠳᠯᠠᠯᠳᠠ ᠪᠠ ᠲᠤᠰᠬᠠᠢ ᠮᠡᠷᠭᠡᠵᠢᠯᠲᠡᠨ ᠤ  ᠨᠤᠳᠠᠯᠠᠯᠳᠠ ᠪᠠᠷ ᠲᠠᠮᠵᠢᠭᠠᠳ ᠦᠨ᠎ᠡ ᠲᠥᠯᠥᠪᠦᠷᠢ ᠲᠠᠢ ᠪᠠᠷ ᠬᠤᠳᠠᠯᠳᠤᠨ ᠠᠪᠴᠤ ᠪᠣᠯᠣᠨ᠎ᠠ᠃         ᠭᠤᠷᠪᠠ᠂ ᠴᠤᠭᠯᠠᠭᠤᠯᠭ᠎ᠠ ᠶᠢᠨ ᠱᠠᠭᠠᠷᠳᠠᠯᠭ᠎ᠠ      1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ︾ ︽ᠮᠦᠽᠧᠢ ᠶᠢᠨ ᠳᠦᠷᠢᠮ︾ ︽ᠮᠦᠽᠧᠢ  ᠳᠤ ᠬᠠᠳᠠᠭᠠᠯᠠᠬᠤ ᠡᠳ᠋ ᠪᠤᠳᠠᠰ ᠤᠨ ᠬᠠᠮᠢᠶᠠᠷᠤᠯᠲᠠ ᠶᠢᠨ ᠠᠷᠭ᠎ᠠ︾ ︽ᠤᠯᠤᠰ ᠤᠨ ᠥᠮᠴᠢᠯᠡᠯᠲᠦ ᠮᠦᠽᠧᠢ ᠶᠢᠨ ᠡᠳ᠋ ᠪᠤᠳᠠᠰ ᠴᠤᠭᠯᠠᠭᠤᠯᠬᠤ ᠳᠦᠷᠢᠮ︾ ︽ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾ ᠵᠡᠷᠭᠡ ᠬᠠᠮᠢᠶ᠎ᠠ ᠪᠦᠬᠦᠢ ᠬᠠᠤᠯᠢ  ᠲᠦᠷᠢᠮ ᠢ ᠴᠢᠩᠭ᠎ᠠ ᠵᠢᠷᠤᠮᠯᠠᠨ ᠶᠠᠪᠤᠭᠳᠠᠭᠤᠯᠤᠨ᠎ᠠ᠃      2 . ᠬᠠᠨᠳᠢᠪᠯᠡᠨ ᠬᠦᠷᠭᠡᠬᠦ ᠡᠳ᠋ ᠪᠤᠳᠠᠰ ᠲᠤ ᠶᠠᠮᠠᠷᠪᠠ ᠦᠮᠴᠢᠯᠡᠯ ᠤᠨ ᠡᠷᠬᠡ ᠶᠢᠨ ᠮᠠᠳᠠᠭ ᠮᠠᠷᠭᠤᠭᠠᠨ ᠣᠷᠣᠰᠢᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠂ ᠢᠷᠡᠯᠲᠡ ᠨᠢ ᠬᠠᠤᠯᠢ ᠳᠤ ᠨᠡᠶᠢᠴᠡᠬᠦ ᠦᠭᠡᠢ ᠡᠳ᠋ ᠪᠤᠳᠠᠰ ᠢ  ᠴᠤᠭᠯᠠᠭᠤᠯᠭ᠎ᠠ ᠶᠢᠨ ᠬᠡᠪᠴᠢᠶᠡᠨ ᠳᠤ ᠣᠷᠣᠭᠤᠯᠬᠤ ᠦᠭᠡᠢ᠃      3. ᠲᠡᠦᠬᠡ ᠶᠢᠨ ᠳᠤᠷᠠᠰᠬᠠᠯᠲᠤ ᠵᠦᠢᠯ ᠢ ᠬᠠᠩᠭᠠᠬᠤ ᠰᠠᠨᠠᠭ᠎ᠠ ᠲᠠᠢ ᠬᠠᠮᠢᠶ᠎ᠠ ᠪᠦᠬᠦᠢ ᠨᠢᠭᠡᠴᠡ᠂ ᠨᠡᠶᠢᠭᠡᠮ ᠤᠨ ᠪᠦᠯᠬᠦᠮ ᠪᠤᠶᠤ ᠬᠤᠪᠢ ᠬᠥᠮᠥᠨ ᠨᠢ ᠤᠷᠢᠳᠠᠪᠠᠷ ᠰᠢᠤᠳᠠᠨ ᠢᠶᠠᠷ  ᠢᠯᠡᠬᠡᠬᠦ᠂  ᠬᠦᠷᠭᠡᠵᠦ ᠢᠷᠡᠬᠦ ᠵᠡᠷᠭᠡ ᠠᠷᠭ᠎ᠠ ᠮᠠᠶ᠋ᠢᠭ ᠢᠶᠠᠷ ᠪᠢᠴᠢᠭ ᠤᠨ ᠮᠠᠲ᠋ᠧᠷᠢᠶᠠᠯ ᠢᠶᠠᠨ ᠲᠤᠰᠢᠶᠠᠵᠤ ᠪᠣᠯᠣᠨ᠎ᠠ᠂  ᠬᠡᠬᠦ ᠳᠡᠭᠡᠨ ᠡᠳ᠋ ᠪᠤᠳᠠᠰ ᠤᠨ ᠨᠡᠷᠡᠶᠢᠳᠦᠯ᠂ ᠬᠡᠮ ᠬᠡᠮᠵᠢᠶ᠎ᠡ᠂ ᠲᠥᠷᠥᠯ ᠢᠯᠭᠠᠯ᠂ ᠣᠨ ᠵᠢᠯ᠂ ᠬᠡᠷᠡᠯ ᠵᠢᠷᠤᠭ ᠵᠡᠷᠭᠡ ᠦᠨᠳᠦᠰᠦᠨ ᠮᠡᠳᠡᠭᠡ ᠵᠠᠩᠭᠢ  ᠪᠠ ᠬᠠᠤᠯᠢ  ᠳᠤ ᠨᠡᠶᠢᠴᠡᠭᠰᠡᠨ ᠢᠷᠡᠯ ᠭᠠᠷᠤᠯ ᠤᠨ ᠲᠤᠳᠤᠷᠬᠠᠶᠢᠯᠠᠯᠳᠠ᠂ ᠬᠠᠷᠢᠯᠴᠠᠬᠤ ᠬᠥᠮᠥᠨ᠂ ᠬᠠᠷᠢᠯᠴᠠᠬᠤ ᠠᠷᠭ᠎ᠠ  ᠵᠡᠷᠭᠡ ᠶᠢ ᠮᠡᠳᠡᠭᠳᠡᠬᠦ ᠬᠡᠷᠡᠭᠲᠡᠢ ︵ᠲᠥᠯᠥᠪᠦᠷᠢ ᠲᠠᠢ ᠴᠤᠭᠯᠠᠭᠤᠯᠬᠤ ᠡᠳ᠋ ᠪᠤᠳᠠᠰ ᠲᠤ ᠠᠩᠬ᠎ᠠ ᠠᠯᠬᠤᠮ ᠤᠨ ᠵᠢᠱᠢᠯᠳᠡ ᠦᠨ᠎ᠡ   ᠶᠢ ᠬᠠᠩᠭᠠᠨ᠎ᠠ︶᠃          ᠲᠦᠷᠪᠡ᠂  ᠴᠤᠭᠯᠠᠭᠤᠯᠬᠤ ᠴᠠᠭ        ᠠᠯᠪᠠᠨ ᠵᠠᠷᠯᠠᠯ ᠨᠡᠶᠢᠲᠡᠯᠡᠭᠰᠡᠨ ᠴᠠᠭ ᠠᠴᠠ ᠠᠪᠤᠭᠠᠳ ᠣᠷᠳᠣ ᠬᠤᠭᠤᠴᠠᠭ᠎ᠠ ᠬᠦᠴᠦᠨ ᠲᠠᠢ᠃        ᠲᠠᠪᠤ᠂ ᠬᠠᠷᠢᠯᠴᠠᠬᠤ ᠠᠷᠭ᠎ᠠ        ᠬᠠᠷᠢᠯᠴᠠᠬᠤ ᠬᠠᠶ᠋ᠢᠭ᠄ ᠲᠠᠶᠢᠹᠤᠰᠧ ᠬᠤᠰᠢᠭᠤᠨ ᠤ ᠰᠣᠶᠣᠯ ᠤᠨ ᠠᠰᠠᠷ ︵ᠲᠠᠶᠢᠹᠤᠰᠧ ᠬᠤᠰᠢᠭᠤᠨ ᠤ ᠮᠦᠽᠧᠢ︶             ᠢᠮᠧᠯ᠄ tpsqbwg@163.com        ᠬᠠᠷᠢᠯᠴᠠᠬᠤ ᠬᠥᠮᠥᠨ᠄ ᠸᠠᠩ ᠵᠢᠩ ᠽᠧ 15048954567          ᠡᠷᠳᠡᠨᠢ 13848494347        ᠨᠡᠶᠢᠭᠡᠮ ᠤᠨ ᠡᠯ᠎ᠡ ᠡᠲᠡᠭᠡᠳ ᠤᠨ ᠬᠢᠨ ᠤ ᠢᠳᠡᠪᠬᠢᠲᠡᠢ ᠪᠠᠷ ᠤᠷᠤᠯᠴᠠᠵᠤ ᠰᠦᠪᠡᠭᠴᠢ ᠬᠠᠩᠭᠠᠬᠤ ᠶᠢ ᠬᠦᠰᠡᠨ ᠤᠭᠲᠤᠵᠤ ᠪᠠᠶᠢᠨ᠎ᠠ᠃                                                             ᠲᠠᠶᠢᠹᠤᠰᠧ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ                                                                                    2023 ᠣᠨ ᠤ 3 ᠰᠠᠷ᠎ᠠ ᠶᠢᠨ 4 ᠤ ᠡᠳᠦᠷ 
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号