ᠲᠠᠶᠢᠹᠤᠰᠧ ᠬᠤᠰᠢᠭᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠵᠣᠯᠭᠠᠭᠤᠯᠬᠤ ᠶᠠᠷᠢᠯᠴᠠᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2023/3/8
   3 ᠰᠠᠷ᠎ᠠ ᠶᠢᠨ 6 ᠤ ᠡᠳᠦᠷ᠂ ᠲᠠᠩ ᠷᠦᠢ ᠠᠵᠤ ᠦᠢᠯᠡᠰ ᠢ ᠬᠦᠭᠵᠢᠬᠦᠯᠬᠦ ᠬᠢᠵᠠᠭᠠᠷᠲᠤ ᠺᠣᠮᠫᠠᠨᠢ ᠶᠢᠨ ᠬᠢᠨ  ᠲᠠᠢ ᠶᠠᠷᠢᠯᠴᠠᠬᠤ ᠬᠤᠷᠠᠯ ᠵᠠᠰᠠᠭ ᠵᠠᠬᠢᠷᠭᠠᠨ ᠤ ᠲᠥᠪ  ᠲᠤ  ᠬᠤᠷᠠᠯᠳᠤᠵᠤ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ᠂  ᠬᠤᠰᠢᠭᠤ ᠨᠠᠮ ᠤᠨ ᠬᠤᠷᠢᠶᠠᠨ ᠤ  ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠩ ᠶᠢᠨ ᠮᠢᠩ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠵᠤᠤ ᠹᠧᠢ ᠫᠧᠩ ᠠᠴᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠦᠯᠦᠭᠡᠯᠡᠵᠦ ᠲᠠᠩ ᠷᠦᠢ   ᠺᠣᠮᠫᠠᠨᠢ ᠶᠢᠨ ᠬᠡᠷᠡᠭ ᠮᠡᠳᠡᠭᠴᠢᠳ ᠤᠨ ᠲᠤᠪᠴᠢᠶᠠᠨ ᠤ ᠲᠡᠷᠢᠭᠦᠯᠡᠭᠴᠢ ᠲᠠᠩ ᠯᠢ ᠮᠢᠨ ᠵᠡᠷᠭᠡ ᠬᠦᠮᠦᠰ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ᠂ ᠲᠠᠶᠢᠹᠤᠰᠧ ᠬᠤᠰᠢᠭᠤᠨ ᠤ ᠪᠠᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠪᠣᠯᠣᠨ ᠬᠥᠭᠵᠢᠯᠲᠡ ᠶᠢᠨ ᠠᠯᠤᠰ ᠢᠷᠡᠭᠡᠳᠦᠢ ᠵᠡᠷᠭᠡ ᠪᠠᠶᠢᠳᠠᠯ ᠢ ᠲᠠᠨᠢᠯᠴᠠᠭᠤᠯᠪᠠ᠃  ᠬᠤᠷᠠᠯ ᠲᠡᠭᠡᠷ᠎ᠡ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠬᠦ᠂ ᠪᠡᠯᠡ ᠣᠷᠣᠭᠤᠯᠤᠯᠲᠠ ᠶᠢᠨ ᠰᠠᠨᠠᠮᠵᠢ ᠶᠢ ᠨᠠᠶᠢᠳᠠᠪᠤᠷᠢᠵᠢᠭᠤᠯᠬᠤ᠂ ᠲᠥᠷᠥᠯ ᠵᠦᠢᠯ ᠢ ᠤᠷᠢᠵᠤ ᠨᠤᠳᠤᠭᠰᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ᠂ ᠬᠦᠨ ᠭᠦᠨᠵᠡᠭᠡᠢ ᠬᠠᠮᠲᠤ ᠶᠢᠨ ᠲᠠᠨᠢᠯᠲᠠ ᠲᠠᠢ ᠪᠤᠯᠤᠭᠰᠠᠨ ᠪᠠᠶᠢᠨ᠎ᠠ᠃  ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠬᠢᠨ  ᠢᠯᠡᠷᠭᠡᠶᠢᠯᠡᠬᠦ ᠳᠡᠭᠡᠨ᠂ ᠡᠨᠡ ᠤᠳᠠᠭᠠᠨ ᠤ ᠶᠠᠷᠢᠯᠴᠠᠬᠤ ᠬᠤᠷᠠᠯ ᠢᠶᠠᠷ ᠰᠢᠨ᠎ᠡ ᠲᠣᠬᠢᠶᠠᠯ ᠰᠢᠨ᠎ᠡ ᠭᠠᠷᠤᠭ᠎ᠠ ᠪᠣᠯᠭᠠᠵᠤ᠂ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠨ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠡᠶᠢᠳᠬᠡᠨ ᠂ ᠲᠦᠷᠦᠯ ᠵᠦᠢᠯ ᠤᠨ ᠨᠠᠶᠢᠳᠠᠪᠤᠷᠢᠵᠢᠬᠤ ᠶᠢ ᠠᠬᠢᠭᠤᠯᠵᠤ᠂ ᠨᠡᠩ ᠢᠯᠡᠬᠦᠦ ᠬᠠᠮᠲᠤᠷᠠᠯᠴᠠᠭ᠎ᠠ ᠶᠢ  ᠪᠠᠶᠢᠭᠤᠯᠬᠤ ᠪᠠᠷ ᠴᠢᠷᠮᠠᠶᠢᠨ᠎ᠠ ᠬᠡᠵᠡᠢ  ᠃  ᠬᠤᠰᠢᠭᠤᠨ ᠤ ᠤᠳᠤᠷᠢᠳᠤᠯᠭ᠎ᠠ ᠵᠤᠤ ᠬᠠᠢ ᠯᠢ᠂ ᠪᠦᠦ ᠴᠢᠩ ᠱᠠᠨ᠂ ᠮᠠ ᠵᠦᠩ ᠰᠢᠦ᠋ᠨ ᠵᠢᠴᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠤᠪᠴᠢᠶᠠᠨ ᠤ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号