ᠰᠦᠯᠢᠶᠥᠦ ᠪᠦᠷᠬᠦᠪᠴᠢ ᠶᠢᠨ ᠪᠤᠬᠢᠷᠳᠤᠯ ᠢ ᠵᠠᠰᠠᠵᠤ  ᠪᠠᠶᠢᠭᠠᠯᠢ ᠤᠷᠴᠢᠨ ᠢᠶᠠᠨ ᠬᠠᠶᠢᠷᠠᠯᠠᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2023/3/8
   ᠣᠯᠠᠨ ᠲᠦᠮᠡᠨ ᠤ ᠠᠮᠢ ᠠᠬᠤᠢ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠰᠦᠯᠢᠶᠥᠦ ᠪᠦᠷᠬᠦᠪᠴᠢ ᠶᠢ ᠵᠥᠪ ᠬᠡᠷᠡᠭᠯᠡᠬᠦ ᠪᠠ ᠠᠮᠢᠳᠤ ᠪᠣᠳᠠᠰ ᠤᠨ ᠠᠮᠢ ᠠᠬᠤᠢ ᠶᠢᠨ ᠠᠮᠤᠷ ᠲᠦᠪᠰᠢᠨ ᠤ ᠮᠡᠳᠡᠯᠭᠡ ᠶᠢ ᠲᠦᠬᠡᠮᠡᠯᠵᠢᠬᠦᠯᠬᠦ ᠶᠢᠨ  ᠲᠥᠯᠥᠭᠡ᠂ 3 ᠰᠠᠷ᠎ᠠ ᠶᠢᠨ 6 ᠤ ᠡᠳᠦᠷ  ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠠᠵᠢᠯᠲᠠᠳ ᠴᠢᠶᠠᠨ ᠶᠢᠨ ᠭᠧᠦ ᠪᠠᠯᠭᠠᠰᠤ᠂ ᠯᠥᠸᠧ  ᠲᠦᠸᠧ ᠱᠠᠨ ᠪᠠᠯᠭᠠᠰᠤ᠂  ᠬᠤᠩ ᠴᠢ ᠪᠠᠯᠭᠠᠰᠤᠨ ᠳᠤ  ᠬᠦᠨᠵᠡᠬᠡᠶᠢᠷᠡᠵᠦ᠂ ︽ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠰᠢᠢᠳᠪᠦᠷᠢᠯᠡᠬᠦ  ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃  ᠠᠵᠢᠯᠳᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠᠷ ᠳᠠᠮᠵᠢᠭᠤᠯᠤᠨ᠂ ᠬᠠᠶᠠᠭᠳᠠᠮᠠᠯ ᠰᠦᠯᠢᠶᠥᠦ ᠪᠦᠷᠬᠦᠪᠴᠢ ᠶᠢᠨ ᠬᠤᠣᠷ ᠬᠥᠨᠥᠭᠡᠯ ᠪᠠ  ᠪᠠᠷᠢᠮᠵᠢᠶᠠᠲᠤ ᠰᠦᠯᠢᠶᠥᠦ ᠪᠦᠷᠬᠦᠪᠴᠢ ᠶᠢ ᠬᠡᠷᠡᠭᠯᠡᠬᠦ ᠲᠥᠷᠥ ᠶᠢᠨ ᠪᠣᠳᠣᠯᠭ᠎ᠠ᠂ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠶᠢᠨ ᠴᠢᠬᠤᠯᠠ ᠴᠢᠨᠠᠷ ᠵᠢᠴᠢ ︽ᠴᠠᠭᠠᠨ ᠤ ᠪᠣᠬᠢᠷᠳᠤᠯ︾ ᠢ ᠰᠡᠷᠭᠡᠶᠢᠯᠡᠬᠦ ᠲᠤᠯᠭᠠᠮ᠎ᠠ ᠴᠢᠨᠠᠷ ᠵᠡᠷᠭᠡ ᠶᠢ ᠤᠯᠠᠨ ᠲᠦᠮᠡᠨ ᠳᠤ ᠲᠠᠶᠢᠯᠪᠤᠷᠢᠯᠠᠵᠤ᠂ ᠲᠠᠷᠢᠶᠠᠴᠢᠨ ᠡᠷᠦᠭᠡ ᠪᠠ  ᠠᠵᠤ ᠠᠬᠤᠶᠢᠯᠠᠯ ᠤᠨ ︽ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠰᠢᠢᠳᠪᠦᠷᠢᠯᠡᠬᠦ︾ ᠲᠤᠬᠠᠢ ᠲᠠᠨᠢᠯᠲᠠ ᠪᠠ ᠭᠥᠯᠢᠶᠡᠨ ᠠᠪᠬᠤ ᠬᠡᠮᠵᠢᠶ᠎ᠡ ᠶᠢ ᠲᠡᠭᠡᠭᠰᠢᠯᠡᠬᠦᠯᠦᠭᠰᠡᠨ ᠪᠠᠶᠢᠨ᠎ᠠ᠃     ᠲᠠᠶᠢᠹᠦᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠳᠡᠳ᠋ ᠡᠷᠬᠢᠯᠡᠭᠴᠢ ᠯᠢᠦ ᠱᠢ ᠯᠦᠩ᠄ ︽ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠤᠨ ᠬᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠢᠬᠦ ᠴᠠᠭ ᠢ ᠲᠤᠬᠢᠶᠠᠯᠳᠤᠭᠤᠯᠤᠨ ᠬᠥᠳᠡᠭᠡ ᠲᠤᠰᠬᠤᠨ ᠳᠤ ᠬᠦᠨᠵᠡᠬᠡᠶᠢᠷᠡᠵᠦ᠂ ᠦᠷᠭᠡᠨ ᠤᠯᠠᠨ ᠲᠠᠷᠢᠶᠠᠴᠢᠳ ᠲᠤ ᠰᠦᠯᠢᠶᠤᠤ ᠪᠦᠷᠬᠦᠪᠴᠢ ᠶᠢ ᠬᠡᠷᠡᠭᠯᠡᠬᠦ ᠵᠢᠴᠢ ᠬᠤᠷᠢᠶᠠᠨ ᠠᠪᠬᠤ ᠲᠤᠬᠠᠢ ᠤᠬᠠᠭᠤᠯᠭ᠎ᠠ  ᠬᠢᠵᠡᠢ᠃  ᠪᠢᠳᠡ  ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠭᠡᠷᠡᠭᠯᠡᠬᠦ ᠲᠤᠷᠰᠢᠯᠲᠠ ᠶᠢᠨ ᠴᠢᠭ᠋ ᠤᠨ ᠲᠥᠷᠥᠯ ᠵᠦᠢᠯ ᠳᠤ ᠲᠦᠰᠢᠭᠯᠡᠨ᠂ ᠥᠷᠭᠡᠨ ᠣᠯᠠᠨ  ᠲᠠᠷᠢᠶᠠᠴᠢᠳ ᠪᠠ  ᠭᠠᠵᠠᠷ ᠰᠢᠷᠣᠢ ᠳᠠᠭᠠᠭᠠᠴᠢᠯᠠᠨ ᠡᠵᠡᠩᠨᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠤᠵᠠᠭᠠᠨ ᠰᠦᠯᠢᠶᠥᠦ ᠪᠦᠷᠬᠦᠪᠴᠢ ᠪᠠ  ᠵᠠᠳᠠᠷᠠᠵᠤ ᠪᠣᠯᠬᠤ ᠰᠦᠯᠢᠶᠥᠦ ᠪᠦᠷᠬᠦᠪᠴᠢ ᠶᠢ ᠬᠡᠷᠡᠭᠯᠡᠭᠦᠯᠵᠦ᠂ ᠬᠡᠲᠦ ᠨᠢᠮᠭᠡᠨ ᠰᠦᠯᠢᠶᠥᠦ ᠪᠦᠷᠬᠦᠪᠴᠢ ᠬᠡᠷᠡᠭᠯᠡᠬᠦ ᠶᠢ ᠴᠢᠩᠭ᠎ᠠ  ᠴᠠᠭᠠᠵᠠᠯᠠᠬᠤ ᠪᠠᠷ ᠪᠠᠶᠢᠨ᠎ᠠ  ︾᠃       ᠡᠨᠡ ᠤᠳᠠᠭᠠᠨ ᠤ ᠤᠬᠠᠭᠤᠯᠭ᠎ᠠ ᠪᠠᠷ ᠲᠠᠮᠵᠢᠭᠠᠳ᠂  ᠬᠠᠶᠠᠭᠳᠠᠮᠠᠯ ᠰᠦᠯᠢᠶᠥᠦ ᠪᠦᠷᠬᠦᠪᠴᠢ ᠶᠢᠨ ᠦᠯᠡᠳᠡᠭᠳᠡᠯ ᠤᠨ ᠬᠤᠣᠷ ᠬᠥᠨᠥᠭᠡᠯ ᠵᠢᠴᠢ ᠰᠦᠯᠢᠶᠥᠦ ᠪᠦᠷᠬᠦᠪᠴᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢᠨ ᠰᠠᠶᠢᠨ ᠲᠠᠯ᠎ᠠ ᠶᠢ  ᠲᠠᠨᠢᠭᠤᠯᠵᠤ᠂  ᠲᠠᠷᠢᠶᠠᠴᠢᠳ ᠤᠨ ᠬᠠᠶᠠᠭᠳᠠᠮᠠᠯ ᠰᠦᠯᠢᠶᠥᠦ ᠪᠦᠷᠬᠦᠪᠴᠢ ᠪᠠᠨ ᠬᠤᠷᠢᠶᠠᠨ ᠰᠢᠢᠳᠪᠦᠷᠢᠯᠡᠬᠦ ᠢᠳᠡᠪᠬᠢᠵᠢᠯ ᠪᠠ ᠤᠬᠠᠮᠰᠠᠷ ᠢ ᠲᠠᠶᠢᠴᠢᠯᠠᠨ᠂  ᠲᠡᠳᠡᠨ ᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠪᠣᠬᠢᠷᠳᠤᠯ   ᠢ ᠰᠡᠷᠭᠡᠶᠢᠯᠡᠨ ᠵᠠᠰᠠᠵᠤ᠂  ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ᠂ ᠦᠵᠡᠰᠬᠦᠯᠡᠩᠲᠦ ᠰᠠᠶᠢᠬᠠᠨ ᠲᠠᠶᠢᠹᠤᠰᠧ ᠬᠤᠰᠢᠭᠤ ᠶᠢ ᠪᠠᠶᠢᠭᠤᠯᠬᠤ ᠳᠤ ᠪᠠᠳᠤᠯᠠᠭ᠎ᠠ ᠪᠤᠯᠭᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号