ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2023/3/8
    ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠢ ᠰᠠᠶᠢᠨ ᠬᠢᠵᠦ᠂ ᠠᠮᠢ ᠠᠬᠤᠢ ᠶᠢᠨ ᠬᠠᠮᠠᠭᠠᠯᠠᠯᠳᠠ ᠶᠢᠨ ᠦᠷ᠎ᠡ ᠠᠮᠵᠢᠯᠳᠠ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠢ ᠦᠨᠳᠦᠰᠦᠯᠡᠨ᠂ ᠡᠳᠦᠭᠡ ᠲᠠᠶᠢᠹᠤᠰᠧ ᠬᠤᠰᠢᠭᠤᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠨ ᠮᠡᠳᠡᠭᠳᠡᠰᠦᠬᠡᠢ᠄       ᠨᠢᠭᠡ᠂ ᠴᠠᠭ ᠬᠤᠭᠤᠴᠠᠭ᠎ᠠ᠄ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠨᠢ 2023 ᠣᠨ ᠤ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ᠃       ᠬᠤᠶᠠᠷ᠂ ᠬᠦᠷᠢᠶ᠎ᠡ ᠬᠡᠪᠴᠢᠶ᠎ᠡ᠄ ᠡᠯ᠎ᠡ ᠰᠤᠮᠤ ᠰᠢᠶᠠᠩ ᠪᠠᠯᠭᠠᠰᠤᠨ ᠤ ᠨᠤᠭᠤᠭᠠᠷᠠᠭᠤᠯᠤᠯᠳᠠ ᠶᠢᠨ ᠤᠷᠤᠨ᠂ ᠠᠮᠢ ᠠᠬᠤᠢ ᠶᠢᠨ ᠵᠠᠰᠠᠯᠲᠠ ᠶᠢᠨ ᠤᠷᠤᠨ᠂ ᠨᠡᠶᠢᠲᠡ ᠶᠢᠨ ᠠᠰᠠᠷᠠᠮᠵᠢ ᠶᠢᠨ  ᠤᠢ ᠮᠤᠳᠤ᠂  ᠪᠡᠯᠴᠢᠭᠡᠷ ᠬᠠᠳᠤᠯᠠᠩ ᠵᠢᠴᠢ ᠣᠶ ᠰᠢᠭᠤᠢ ᠨᠤᠳᠤᠭ ᠪᠡᠯᠴᠢᠭᠡᠷ ᠲᠤ ᠬᠤᠯᠪᠣᠭᠳᠠᠬᠤ ᠵᠢᠭᠤᠯᠴᠢᠯᠠᠯ ᠤᠨ ᠦᠵᠡᠮᠵᠢ ᠶᠢᠨ ᠣᠷᠣᠨ  ᠵᠡᠷᠭᠡ  ᠃      ᠭᠤᠷᠪᠠ᠂ ᠱᠠᠭᠠᠷᠳᠠᠯᠭ᠎ᠠ᠄ ᠬᠡᠭᠡᠷ᠎ᠡ ᠭᠠᠳᠠᠨ᠎ᠠ ᠴᠠᠭᠠᠰᠤ ᠨᠤᠴᠤᠭᠠᠬᠤ᠂  ᠫᠤᠤᠵᠢᠩ ᠲᠠᠯᠪᠢᠬᠤ᠂  ᠡᠪᠡᠰᠦ ᠲᠠᠷᠢᠶ᠎ᠠ ᠰᠢᠲᠠᠭᠠᠬᠤ ᠵᠢᠴᠢ  ᠪᠤᠰᠤᠳ ᠵᠦᠢᠯ ᠤᠨ ᠬᠦᠳᠡᠭᠡ ᠭᠠᠳᠠᠭ᠎ᠠ ᠭᠠᠯ ᠬᠡᠷᠡᠭᠯᠡᠬᠦ ᠪᠠ  ᠭᠠᠯ ᠲᠦᠢᠮᠡᠷ ᠠᠮᠠᠷᠬᠠᠨ ᠡᠭᠦᠰᠬᠡᠬᠦ  ᠠᠵᠢᠯᠯᠠᠭ᠎ᠠ ᠶᠢ  ᠡᠷᠡᠰ ᠴᠠᠭᠠᠵᠠᠯᠠᠨ᠎ᠠ᠃  ᠬᠡᠭᠡᠷ᠎ᠡ ᠭᠠᠳᠠᠨ᠎ᠠ ᠠᠵᠢᠯᠯᠠᠬᠤ ᠨᠢᠭᠡᠴᠡ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠂ ᠭᠠᠯ ᠤᠨ ᠠᠶᠤᠯ ᠤᠨ ᠳᠠᠯᠳᠠ ᠬᠡᠮ ᠢ ᠠᠷᠢᠯᠭᠠᠵᠤ᠂  ᠡᠯ᠎ᠡ ᠲᠦᠷᠦᠯ ᠤᠨ  ᠭᠠᠯ ᠰᠡᠷᠭᠡᠶᠢᠯᠡᠬᠦ ᠠᠵᠢᠯ ᠢ ᠰᠠᠶᠢᠨ ᠬᠢᠬᠦ ᠬᠡᠷᠡᠭᠲᠡᠢ᠃      ᠳᠥᠷᠪᠡ᠂ ᠶᠠᠮᠠᠷᠪᠠ ᠨᠢᠭᠡᠴᠡ ᠪᠠ ᠬᠤᠪᠢ ᠬᠥᠮᠥᠨ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ  ᠲᠦᠷᠢᠮ ᠲᠣᠭᠲᠠᠭᠠᠯ ᠠᠴᠠ ᠵᠦᠷᠢᠴᠡᠨ᠂  ᠭᠠᠯ   ᠤᠨ ᠠᠶᠤᠯ ᠡᠬᠦᠰᠭᠡᠵᠦ ᠬᠤᠬᠢᠷᠠᠯ ᠰᠦᠢᠳᠦᠯ  ᠭᠠᠷᠭᠠᠭᠰᠠᠨ ᠪᠤᠯ ᠬᠠᠮᠢᠶ᠎ᠠ ᠪᠦᠬᠦᠢ ᠬᠠᠤᠯᠢ ᠲᠦᠷᠢᠮ ᠤᠨ ᠲᠠᠭᠠᠤ ᠴᠢᠩᠭ᠎ᠠ ᠵᠠᠯᠬᠠᠭᠠᠨ ᠰᠢᠳᠬᠡᠨ᠎ᠡ᠃       ᠲᠠᠪᠤ᠂ ᠡᠯ᠎ᠡ ᠰᠤᠮᠤ ᠰᠢᠶᠠᠩ ᠪᠠᠯᠭᠠᠰᠤ ᠨᠢ ᠬᠠᠷᠢᠶ᠎ᠠ ᠣᠷᠣᠨ ᠤ ᠪᠠᠨ  ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠢ ᠬᠢᠨᠠᠮᠠᠭᠠᠢ ᠰᠠᠶᠢᠨ ᠬᠢᠬᠦ ᠬᠡᠷᠡᠭᠲᠡᠢ᠃       1. ᠭᠠᠯ ᠲᠦᠢᠮᠡᠷ ᠤᠨ ᠠᠶᠤᠯ ᠬᠥᠨᠥᠭᠡᠯ ᠪᠣᠯᠣᠨ  ᠰᠡᠷᠭᠡᠶᠢᠯᠡᠵᠦ ᠤᠨᠲᠠᠷᠠᠭᠠᠬᠤ ᠮᠡᠳᠡᠯᠭᠡ ᠴᠢᠳᠠᠪᠤᠷᠢ ᠪᠠᠷ ᠭᠤᠤᠯ ᠪᠤᠯᠭᠠᠭᠰᠠᠨ ᠤᠬᠠᠭᠤᠯᠭ᠎ᠠ ᠶᠢᠨ ᠠᠵᠢᠯ ᠢ ᠰᠠᠶᠢᠨ ᠬᠢᠨ᠎ᠡ᠃      2. ᠪᠠᠶᠢᠴᠠᠭᠠᠯᠳᠠ ᠶᠢᠨ ᠠᠵᠢᠯ ᠢ ᠰᠠᠶᠢᠨ ᠬᠢᠵᠦ᠂ ᠢᠯᠠᠩᠭᠤᠶ᠎ᠠ ᠬᠠᠩᠰᠢ ᠶᠢᠨ ᠬᠤᠭᠤᠴᠠᠭᠠᠨ ᠳᠤ ᠲᠥᠷᠥᠯ ᠵᠦᠢᠯ ᠤᠨ ᠤᠷᠤᠨ᠂  ᠪᠤᠯᠠᠰᠢ ᠪᠤᠩᠬᠤᠨ ᠵᠡᠷᠭᠡ ᠭᠤᠣᠯᠳᠠᠯᠭ᠎ᠠ ᠲᠠᠢ ᠭᠠᠯ ᠰᠡᠷᠭᠡᠶᠢᠯᠡᠬᠦ ᠭᠠᠵᠠᠷ ᠣᠷᠣᠨ ᠳᠤ ᠬᠦᠨᠵᠡᠬᠡᠶᠢᠷᠡᠵᠦ  ᠪᠦᠬᠦᠯᠢ ᠡᠳᠦᠷ ᠢᠶᠠᠷ ᠴᠠᠭᠳᠠᠨ ᠪᠠᠶᠢᠴᠠᠭᠠᠵᠤ ᠴᠢᠩᠭ᠎ᠠ ᠡᠵᠡᠮᠳᠡᠨ᠎ᠡ᠃      3. ᠭᠤᠣᠯᠳᠠᠯᠭ᠎ᠠ ᠲᠠᠢ ᠬᠥᠮᠥᠰ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ ᠬᠡᠦᠬᠡᠳ ᠪᠠᠭᠠᠴᠤᠳ᠂ ᠮᠠᠯ ᠬᠠᠷᠢᠭᠤᠯᠤᠭᠴᠢ᠂  ᠤᠢ ᠮᠡᠳᠡᠷᠡᠯ ᠤᠨ ᠡᠪᠡᠳᠴᠢᠨ ᠲᠠᠢ ᠬᠦᠮᠦᠰ ᠵᠡᠷᠭᠡ ᠣᠨᠴᠣᠭᠤᠢ ᠬᠥᠮᠥᠰ ᠢ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠨ᠎ᠡ  ᠃      ᠵᠢᠷᠭᠤᠭ᠎ᠠ᠂ ᠪᠥᠬᠦ ᠬᠤᠰᠢᠭᠤᠨ ᠤ ᠡᠯ᠎ᠡ ᠱᠠᠲᠤᠨ ᠤ ᠺᠠᠳ᠋ᠷ ᠣᠯᠠᠨ ᠲᠦᠮᠡᠨ ᠭᠠᠯ ᠲᠦᠢᠮᠡᠷ ᠤᠨ ᠬᠤᠣᠷ ᠬᠥᠨᠥᠭᠡᠯᠳᠦ ᠴᠢᠨᠠᠷ ᠪᠠ ᠬᠦᠨᠳᠦ ᠨᠣᠴᠢᠲᠠᠢ ᠴᠢᠨᠠᠷ ᠢ ᠭᠦᠢᠴᠡᠳ ᠲᠠᠨᠢᠵᠤ᠂ ︽ᠭᠠᠯ ᠰᠡᠷᠭᠡᠶᠢᠯᠡᠬᠦ ᠠᠵᠢᠯ ᠳᠤ ᠬᠥᠮᠥᠨ ᠪᠣᠯᠭᠠᠨ  ᠬᠠᠷᠢᠭᠤᠴᠠᠬᠤ︾ ᠪᠠ ︽ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ︾ ᠤᠬᠠᠮᠰᠠᠷ ᠢᠶᠠᠨ ᠲᠡᠭᠡᠭᠰᠢᠯᠡᠬᠦᠯᠦᠨ᠂ ᠬᠠᠷᠢᠯᠴᠠᠨ ᠬᠢᠨᠠᠯᠲᠠ ᠲᠠᠯᠪᠢᠵᠤ᠂ ᠵᠠᠷᠯᠠᠯ ᠤᠨ ᠲᠣᠭᠲᠠᠭᠠᠯ ᠢ ᠤᠬᠠᠮᠰᠠᠷ   ᠠᠴᠠ ᠪᠠᠨ ᠵᠢᠷᠤᠮᠯᠠᠨ᠂ ᠭᠠᠯ ᠤᠨ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠶᠢᠨ ᠬᠠᠮᠲᠤ  ᠭᠠᠯ ᠤᠨᠲᠠᠷᠠᠭᠠᠬᠤ ᠠᠵᠢᠯ ᠢ ᠵᠤᠬᠢᠶᠠᠨ ᠪᠠᠶᠢᠭᠤᠯᠵᠤ ᠬᠢᠬᠦ ᠬᠡᠷᠡᠭᠲᠡᠢ᠃       ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠮᠡᠳᠡᠬᠦᠯᠬᠦ ᠤᠲᠠᠰᠤ᠄ 12119       ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ  ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ᠄ 0479 ︱ 5238277       ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ 0479 ︱ 5222413       ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠄ 119       ᠬᠦᠨᠪᠤᠯᠠᠭ ᠰᠤᠮᠤ᠄ 0479 ︱ 5887015       ᠪᠤᠤᠴᠠᠩ ᠪᠠᠯᠭᠠᠰᠤ᠄ 0479 ︱ 5222227       ᠶᠦᠩ ᠹᠧᠩ ᠪᠠᠯᠭᠠᠰᠤ᠄ 0479 ︱ 2265107       ᠴᠢᠶᠠᠨ ᠶᠢᠨ ᠭᠧᠦ ᠪᠠᠯᠭᠠᠰᠤ᠄ 0479 ︱ 2265514       ᠯᠦᠸᠧ ᠲᠦᠸᠧ ᠱᠠᠨ ᠪᠠᠯᠭᠠᠰᠤ᠄ 0479 ︱ 5855017       ᠬᠤᠩ ᠴᠢ ᠪᠠᠯᠭᠠᠰᠤ᠄ 0479 ︱ 5823064       ᠰᠢᠩ ᠹᠦ᠋ ᠰᠢᠶᠠᠩ᠄ 0479 ︱ 5899968                                                                                                                                                                         ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ                                                                                                  2023 ᠤᠨ ᠤ 3 ᠰᠠᠷ᠎ᠠ ᠶᠢᠨ 7 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号