ᠯᠦᠸᠧ ᠲᠦᠸᠧ ᠱᠠᠨ ᠪᠠᠯᠭᠠᠰᠤ ︽ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠴᠠᠭ ᠦᠶ᠎ᠡ ᠶᠢᠨ ᠰᠢᠨ᠎ᠡ ᠬᠥᠮᠥᠨ ᠢ ᠬᠦᠮᠦᠵᠢᠬᠦᠯᠬᠦ︾ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2023/3/8
    3 ᠰᠠᠷ᠎ᠠ   ᠶᠢᠨ 6 ᠤ ᠡᠳᠦᠷ ᠯᠥᠸᠧ ᠲᠦᠸᠧ ᠱᠠᠨ ᠪᠠᠯᠭᠠᠰᠤᠨ ᠤ ᠬᠢᠨ ︽ᠯᠧᠢ ᠹᠧᠩ ᠤᠨ ᠵᠣᠷᠢᠭ ᠰᠠᠨᠠᠭ᠎ᠠ   ᠶᠢ ᠪᠠᠳᠠᠷᠠᠭᠤᠯᠵᠤ ᠴᠠᠭ ᠦᠶ᠎ᠡ   ᠶᠢᠨ ᠰᠢᠨ᠎ᠡ ᠬᠥᠮᠥᠨ   ᠢ ᠬᠥᠮᠥᠵᠢᠭᠦᠯᠬᠦ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ  ᠬᠤᠷᠠᠯ ᠬᠢᠵᠦ᠂ ᠪᠠᠯᠭᠠᠰᠤᠨ ᠤ ᠤᠬᠠᠭᠤᠯᠬᠤ ᠭᠡᠰᠢᠭᠦᠨ ᠵᠠᠩ ᠪᠢᠨ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠪᠠ ᠪᠦᠬᠦ ᠺᠠᠳ᠋ᠷ ᠠᠵᠢᠯᠲᠠᠨ  ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠢ᠃ ᠵᠠᠩ ᠪᠢᠨ ᠠᠴᠠ ᠯᠧᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠬᠤᠨ ᠢ ᠰᠢᠰᠲ᠋ᠧᠮ ᠲᠠᠢ  ᠲᠠᠨᠢᠯᠴᠠᠭᠤᠯᠤᠭᠰᠠᠨ ᠪᠦᠭᠡᠳ ᠯᠧᠢ ᠹᠧᠩ ᠤᠨ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ ᠡᠷᠬᠢᠮ ᠳᠡᠭᠡᠳᠦ ᠬᠦᠰᠡᠯᠡᠩ ᠪᠠ ᠡᠷᠡᠰ ᠪᠠᠲᠤ ᠢᠲᠡᠭᠡᠯ ᠵᠣᠷᠢᠭ ᠢ ᠶᠡᠭᠡ ᠪᠠᠷ ᠪᠠᠳᠠᠷᠠᠭᠤᠯᠵᠤ᠂ ᠯᠧᠢ ᠹᠧᠩ ᠤᠨ ᠠᠷᠠᠳ ᠲᠦᠮᠡᠨ ᠳᠤ ᠦᠢᠯᠡᠴᠢᠯᠡᠵᠦ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠤᠯᠭᠠᠳᠠᠭ ᠬᠠᠷᠠᠮ ᠦᠬᠡᠢ ᠵᠤᠷᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠯᠧᠢ ᠹᠧᠩ ᠤᠨ ᠶᠠᠮᠠᠷ ᠠᠵᠢᠯ ᠬᠢᠪᠡᠯ ᠲᠡᠷᠡ ᠠᠵᠢᠯ ᠢᠶᠠᠨ ᠬᠠᠶᠢᠷᠠᠯᠠᠨ᠂  ᠶᠠᠮᠠᠷ ᠠᠵᠢᠯ ᠬᠢᠪᠡᠯ ᠲᠡᠷᠡ ᠠᠵᠢᠯ ᠳᠠᠭᠠᠨ ᠮᠡᠷᠭᠡᠰᠢᠳᠡᠭ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠯᠧᠢ ᠹᠧᠩ ᠤᠨ ᠵᠣᠷᠢᠭᠲᠠᠢ ᠪᠠᠷ  ᠲᠠᠪᠰᠢᠨ᠂ ᠬᠦᠴᠦᠷᠬᠡᠭᠵᠢᠬᠦ ᠪᠠᠷ  ᠴᠢᠷᠮᠠᠶᠢᠳᠠᠭ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠯᠧᠢ ᠹᠧᠩ ᠤᠨ ᠲᠡᠰᠪᠦᠷᠢ ᠬᠠᠲᠠᠭᠤᠵᠢᠯᠲᠠᠢ  ᠠᠵᠢᠯᠯᠠᠨ᠂ ᠠᠵᠢᠯᠴᠢ ᠠᠷᠪᠢᠴᠢ ᠪᠠᠷ ᠠᠮᠢᠳᠤᠷᠠᠳᠠᠭ  ᠦᠢᠯᠡᠰ ᠪᠦᠲᠦᠭᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠮ ᠳᠠᠭᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ  ᠪᠠᠶᠢᠵᠤ᠂ ᠨᠠᠮ ᠪᠠ ᠡᠬᠡ ᠤᠯᠤᠰ᠂ ᠠᠷᠠᠳ ᠲᠦᠮᠡᠨ ᠢᠶᠠᠨ ᠬᠠᠶᠢᠷᠠᠯᠠᠵᠤ᠂ ︽ᠲᠦᠷᠪᠡᠨ ᠤᠬᠠᠮᠰᠠᠷ︾  ᠢ  ᠴᠢᠩᠭᠠᠳᠬᠠᠨ᠂ ︽ᠲᠦᠷᠪᠡᠨ ᠢᠲᠡᠭᠡᠯ︾  ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾   ᠶᠢ ᠪᠡᠶᠡᠯᠡᠬᠦᠯᠦᠨ᠂ ᠡᠭᠦᠷᠭᠡ ᠬᠠᠷᠢᠭᠤᠴᠠᠯᠭ᠎ᠠ  ᠪᠠᠨ ᠭᠦᠢᠴᠡᠳᠬᠡᠵᠦ᠂  ᠦᠨᠡᠨ ᠪᠣᠳᠠᠲᠠᠢ ᠠᠵᠢᠯᠯᠠᠨ ᠂  ᠰᠠᠬᠢᠯᠭ᠎ᠠ ᠳᠦᠷᠢᠮ ᠢ ᠵᠢᠷᠤᠮᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠳᠤᠳᠬᠠᠨ᠂ ᠡᠪ ᠬᠠᠮᠲᠤᠴᠤᠳ ᠤᠨ ᠤᠶᠤᠨ ᠰᠠᠨᠠᠭᠠᠨ ᠤ ᠬᠥᠭᠡᠭᠡᠴᠡᠯᠳᠦᠯ ᠢᠶᠠᠨ ᠪᠠᠲᠤ  ᠰᠠᠬᠢᠵᠤ᠂ ᠨᠢᠭᠡ ᠨᠠᠰᠤ ᠪᠠᠷ ᠢᠶᠠᠨ ᠨᠠᠮ ᠪᠠ ᠠᠷᠠᠳ ᠲᠦᠮᠡᠨ ᠤ ᠲᠥᠯᠥᠭᠡ ᠲᠡᠮᠡᠴᠡᠬᠦ ᠶᠢ ᠪᠠᠷᠢᠮᠲᠠᠯᠠᠨ᠂  ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠠᠰᠢᠭ ᠲᠤᠰᠠ ᠶᠢ ᠴᠠᠭ ᠢᠮᠠᠭᠲᠠ ᠠᠯᠢᠪᠠ ᠠᠴᠠ  ᠡᠷᠬᠢᠮᠯᠡᠨ᠂ ᠠᠯᠢᠪᠠ ᠠᠴᠠ ᠴᠢᠬᠤᠯᠠ ᠪᠠᠶᠢᠷᠢᠨ ᠳᠤ ᠲᠠᠯᠪᠢᠵᠤ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠰᠤᠷᠲᠠᠯ ᠢ ᠨᠢᠭᠡ ᠵᠦᠢᠯ ᠤᠨ ᠵᠣᠷᠢᠭ ᠰᠠᠨᠠᠭ᠎ᠠ᠂ ᠠᠬᠤᠢ ᠪᠠᠶᠢᠳᠠᠯ᠂ ᠦᠵᠡᠯ ᠰᠡᠳᠬᠢᠯᠭᠡ ᠪᠣᠯᠭᠠᠨ ᠪᠤᠶᠢᠵᠢᠭᠤᠯᠵᠤ ᠦᠢᠯᠡᠳᠦᠯᠭᠡᠵᠢᠭᠦᠯᠬᠦ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号