ᠲᠠᠶᠢᠹᠤᠰᠧ ᠬᠤᠰᠢᠭᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠳᠤᠷᠠᠰᠬᠠᠬᠤ ᠶᠠᠷᠢᠶ᠎ᠠ ᠢᠯᠡᠳᠬᠡᠯ ᠤᠨ ᠤᠷᠤᠯᠳᠤᠭᠠᠨ ᠡᠷᠬᠢᠯᠡᠭᠰᠡᠨ
ᠨᠡᠶᠢᠲᠡᠯᠡᠭᠰᠡᠨ ᠴᠠᠭ᠄
2023/3/9
   3 ᠰᠠᠷ᠎ᠠ ᠶᠢᠨ 8 ᠤ ᠡᠳᠦᠷ᠂  ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠭᠤᠣᠯᠯᠠᠨ ᠡᠷᠭᠢᠯᠡᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ ᠠᠴᠠ ᠳᠠᠭᠠᠭᠠᠴᠢᠯᠠᠨ  ᠡᠷᠬᠢᠯᠡᠭᠰᠡᠨ ︽ ᠰᠡᠳᠬᠢᠯ ᠵᠢᠷᠦᠭᠡ ᠪᠠᠨ ᠨᠠᠮ ᠲᠠᠢ ᠪᠠᠨ ᠬᠤᠯᠪᠤᠵᠤ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ︾  — ︽3.8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠳᠤᠷᠠᠰᠬᠠᠬᠤ ᠶᠠᠷᠢᠶ᠎ᠠ ᠢᠯᠡᠳᠬᠡᠯ ᠤᠨ ᠤᠷᠤᠯᠳᠤᠭᠠᠨ ᠠᠮᠵᠢᠯᠳᠠ ᠲᠠᠢ ᠶᠠᠪᠤᠭᠳᠠᠵᠤ᠂  ᠬᠤᠰᠢᠭᠤ ᠨᠠᠮ ᠤᠨ ᠬᠤᠷᠢᠶᠠᠨ  ᠤ ᠳᠡᠳ᠋ ᠱᠦᠵᠢ ᠸᠠᠩ ᠸᠧᠢ ᠬᠤᠩ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠭᠠᠲᠤᠷ᠂ ᠵᠠᠩ ᠸᠧᠨ ᠴᠠᠩ᠂ ᠳᠡᠳ᠋ ᠬᠤᠰᠢᠭᠤ ᠳᠠᠷᠤᠭ᠎ᠠ ᠣᠶᠤᠨᠴᠡᠴᠡᠭ᠂  ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠲᠢᠩ ᠰᠢᠸ ᠠᠵᠢᠯᠯᠠᠭ᠎ᠠ ᠳᠤ ᠣᠷᠣᠯᠴᠠᠵᠠᠢ᠃ ᠸᠠᠩ ᠸᠧᠢ ᠬᠤᠩ ᠪᠠᠶᠠᠷ ᠤᠨ ᠦᠭᠡ ᠬᠡᠯᠡᠬᠦ ᠳᠡᠭᠡᠨ᠂ ᠪᠥᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠬᠦᠨᠳᠦ ᠡᠭᠦᠷᠭᠡ ᠶᠢ ᠡᠬᠦᠷᠭᠡᠯᠡᠨ᠂ ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠶᠡᠷᠦ ᠪᠤᠰᠤ ᠶᠢᠨ ᠠᠮᠵᠢᠯᠲᠠ ᠪᠦᠲᠦᠮᠵᠢ   ᠶᠢ ᠭᠠᠷᠭᠠᠭᠠᠳ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ  ᠴᠤᠭ ᠵᠢᠪᠬᠤᠭ᠎ᠠ ᠶᠢ ᠭᠦᠢᠴᠡᠳ ᠢᠯᠡᠷᠡᠬᠦᠯᠦᠭᠰᠡᠨ ᠶᠤᠮ᠃ ᠥᠷᠭᠡᠨ ᠣᠯᠠᠨ ᠡᠮᠡᠭᠲᠡᠶᠢᠴᠦᠳ ᠤᠨ ᠢᠶᠠᠨ  ᠤᠯᠠᠮ ᠢᠯᠡᠬᠦᠦ ᠴᠢᠷᠮᠠᠶᠢᠨ ᠠᠵᠢᠯᠯᠠᠵᠤ᠂  ᠦᠢᠯᠡᠳᠦᠯ  ᠴᠢᠳᠠᠪᠤᠷᠢ   ᠪᠠᠨ ᠬᠦᠢᠴᠡᠳ ᠪᠠᠳᠠᠷᠠᠭᠤᠯᠤᠨ᠂ ᠪᠥᠬᠦ ᠬᠤᠰᠢᠭᠤᠨ ᠤ ᠡᠯ᠎ᠡ ᠲᠥᠷᠥᠯ ᠤᠨ ᠠᠵᠢᠯ  ᠦᠢᠯᠡᠰ ᠤᠨ ᠳᠤᠮᠳᠠ ᠳᠠᠬᠢᠨᠲᠠ ᠰᠢᠨ᠎ᠡ ᠠᠮᠵᠢᠯᠲᠠ ᠪᠦᠲᠦᠮᠵᠢ ᠭᠠᠷᠭᠠᠬᠤ ᠶᠢ ᠬᠦᠰᠡᠵᠦ ᠪᠠᠶᠢᠨ᠎ᠠ ᠬᠡᠵᠡᠢ᠃  ᠤᠷᠤᠯᠳᠤᠭᠠᠨ ᠳᠤ   ᠳᠤ ᠤᠷᠤᠯᠴᠠᠭᠰᠠᠳ ᠭᠤᠣᠯ ᠰᠡᠳᠦᠪ ᠲᠠᠢ ᠪᠠᠨ ᠨᠢᠭᠲᠠ ᠤᠶᠠᠯᠳᠤᠭᠤᠯᠤᠨ᠂ ᠥᠪᠡᠷ ᠥᠪᠡᠷ ᠤᠨ ᠠᠵᠢᠯ ᠠᠮᠢᠳᠤᠷᠠᠯ ᠲᠠᠢ ᠪᠠᠨ ᠨᠢᠬᠳᠠ ᠤᠶᠠᠯᠳᠤᠭᠤᠯᠵᠤ᠂ ᠡᠮᠡᠭᠲᠡᠢ ᠺᠠᠳ᠋ᠷ ᠠᠵᠢᠯᠲᠠᠨ ᠤ ᠠᠵᠢᠯ  ᠦᠢᠯᠡᠰ ᠢᠶᠠᠨ ᠬᠠᠶᠢᠷᠠᠯᠠᠨ ᠳᠡᠭᠡᠳᠦᠯᠡᠬᠦ᠂  ᠡᠷᠡᠮᠡᠬᠡᠢ ᠵᠤᠷᠢᠭ ᠢᠶᠠᠷ ᠤᠷᠤᠭᠰᠢᠯᠠᠨ ᠲᠠᠪᠰᠢᠬᠤ ᠡᠮᠡᠭᠲᠡᠶᠢᠴᠦᠳ ᠤᠨ ᠴᠤᠭ ᠵᠢᠪᠬᠤᠭ᠎ᠠ ᠶᠢ ᠪᠦᠬᠦ ᠲᠠᠯ᠎ᠠ ᠪᠠᠷ ᠬᠠᠷᠠᠭᠤᠯᠤᠨ᠂ ᠤᠯᠤᠰ ᠢᠶᠠᠨ ᠬᠠᠶᠢᠷᠠᠯᠠᠬᠤ᠂ ᠬᠦᠴᠦᠨ ᠢᠶᠠᠨ ᠡᠷᠬᠦᠬᠦ᠂  ᠴᠢᠷᠮᠠᠶᠢᠨ ᠲᠡᠮᠡᠴᠡᠬᠦ ᠴᠠᠭ ᠦᠶ᠎ᠡ ᠶᠢᠨ ᠵᠣᠷᠢᠭ ᠰᠠᠨᠠᠭ᠎ᠠ ᠶᠢ ᠤᠬᠠᠭᠤᠯᠵᠤ᠂ ᠲᠡᠷᠢᠭᠦᠨ ᠤ ᠡᠮᠡᠭᠲᠡᠶᠢᠴᠦᠳ ᠤᠨ ᠣᠶᠤᠨ ᠰᠠᠨᠠᠭᠠᠨ ᠤ ᠬᠥᠲᠥᠯᠥᠨ ᠳᠠᠭᠠᠭᠤᠯᠬᠤ ᠦᠢᠯᠡᠳᠦᠯ ᠪᠠ ᠵᠢᠱᠢᠶ᠎ᠡ ᠦᠵᠡᠭᠦᠯᠬᠦ ᠦᠢᠯᠡᠳᠦᠯ ᠢ  ᠪᠠᠳᠠᠷᠠᠭᠤᠯᠤᠭᠰᠠᠨ ᠪᠠᠶᠢᠨ᠎ᠠ᠃ ᠬᠤᠷᠴᠠ ᠰᠢᠷᠦᠭᠦᠨ ᠦᠷᠢᠰᠦᠯᠳᠦᠬᠡᠨ ᠢᠶᠠᠷ ᠲᠠᠮᠵᠢᠭᠠᠳ᠂ ᠨᠢᠭᠡᠳᠦᠭᠡᠷ ᠲᠡᠰ ᠲᠤ 1 ᠬᠦᠮᠦᠨ᠂ ᠬᠤᠶᠠᠳᠤᠭᠠᠷ  ᠲᠡᠰ ᠲᠤ 2 ᠬᠦᠮᠦᠨ᠂ ᠭᠤᠷᠪᠠᠳᠤᠭᠠᠷ ᠳᠡᠰ ᠲᠤ 3 ᠬᠦᠮᠦᠨ ᠰᠢᠯᠭᠠᠷᠠᠵᠠᠢ᠃  ᠡᠨᠡ ᠤᠳᠠᠭᠠᠨ ᠤ ᠶᠠᠷᠢᠶ᠎ᠠ ᠢᠯᠡᠳᠬᠡᠯ ᠤᠨ ᠤᠷᠤᠯᠳᠤᠭᠠᠨ  ᠨᠢ ᠪᠦᠬᠦ ᠬᠤᠰᠢᠭᠤᠨ ᠤ ᠡᠮᠡᠭᠲᠡᠶᠢᠴᠦᠳ ᠤᠨ ᠡᠯ᠎ᠡ ᠲᠥᠷᠥᠯ ᠤᠨ ᠠᠵᠢᠯ ᠤᠨ ᠪᠠᠶᠢᠷᠢ ᠲᠡᠭᠡᠷ᠎ᠡ ᠭᠠᠪᠢᠶ᠎ᠠ ᠪᠠᠶᠢᠭᠤᠯᠵᠤ ᠦᠢᠯᠡᠰ ᠪᠣᠰᠬᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠳᠡᠯᠭᠡᠨ ᠦᠵᠡᠬᠦᠯᠦᠭᠰᠡᠨ ᠤ ᠬᠠᠮᠳᠤ᠂ ᠥᠷᠭᠡᠨ ᠤᠯᠠᠨ ᠡᠮᠡᠭᠲᠡᠶᠢᠴᠦᠳ ᠤᠨ ᠬᠦᠴᠦᠨ ᠴᠢᠳᠠᠯ  ᠢᠶᠠᠨ ᠤᠯᠠᠮ ᠨᠢᠭᠲᠠᠷᠠᠭᠤᠯᠵᠤ᠂  ︽ ᠬᠠᠭᠠᠰ ᠲᠤᠯᠭᠠᠭᠤᠷᠢ︾ ᠶᠢᠨ ᠦᠢᠯᠡᠳᠦᠯ   ᠢᠶᠠᠨ ᠬᠦᠢᠴᠡᠳ ᠪᠠᠳᠠᠷᠠᠭᠤᠯᠤᠨ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ ᠂ ᠪᠠᠶᠠᠨ ᠴᠢᠨᠡᠭᠡᠯᠢᠭ ᠪᠣᠯᠪᠠᠰᠤᠨ ᠰᠠᠶᠢᠬᠠᠨ ᠡᠶ᠎ᠡ ᠵᠣᠬᠢᠴᠠᠩᠭᠤᠢ ᠦᠵᠡᠰᠬᠦᠯᠡᠩᠲᠦ ᠲᠠᠩᠰᠤᠭ ᠲᠠᠶᠢᠹᠤᠰᠧ ᠬᠤᠰᠢᠭᠤ ᠶᠢ ᠪᠠᠶᠢᠭᠤᠯᠬᠤ ᠳᠤ ᠨᠡᠩ ᠤᠯᠠᠨ ᠨᠡᠩ ᠶᠡᠭᠡ ᠬᠤᠪᠢ ᠨᠡᠮᠡᠷᠢ ᠪᠠᠨ ᠦᠵᠡᠭᠦᠯᠬᠦ ᠶᠢ ᠨᠢ ᠤᠷᠮᠠᠰᠢᠭᠤᠯᠤᠨ ᠵᠤᠷᠢᠬᠵᠢᠭᠤᠯᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号