ᠬᠦᠨᠪᠤᠯᠠᠭ ᠰᠤᠮᠤ ︽ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ︾  ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/9
    ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ  ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠳ ᠢᠷᠭᠡᠳ ᠤᠨ  ᠮᠤᠷᠠᠯ ᠪᠤᠯᠪᠠᠰᠤᠷᠠᠯ ᠪᠠ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ ᠡᠬᠢ ᠪᠠᠷ ᠬᠦᠨᠪᠤᠯᠠᠭ ᠰᠤᠮᠤᠨ ᠤ ᠬᠢᠨ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠯᠧᠢ ᠹᠧᠩ ᠨᠥᠬᠦᠷ ᠲᠤ ᠪᠢᠴᠢᠭᠡᠰᠦ ᠪᠢᠴᠢᠭᠰᠡᠨ 60 ᠵᠢᠯ ᠤᠨ ᠣᠶ ᠶᠢ ᠳᠤᠷᠠᠰᠬᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠷᠢᠰ ᠠᠵᠢᠯᠯᠠᠭ᠎ᠠ ᠶᠢ ᠦᠷᠨᠢᠬᠦᠯᠵᠡᠢ᠃ ᠡᠯ᠎ᠡ ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠢ ᠨᠠᠮ ᠤᠨ ᠭᠡᠰᠢᠭᠦᠨ᠂ ᠤᠯᠠᠨ ᠲᠦᠮᠡᠨ᠂ ᠰᠠᠶᠢᠨ ᠲᠤᠷᠠᠳᠠᠳ ᠢ ᠵᠣᠬᠢᠶᠠᠨ ᠪᠠᠶᠢᠭᠤᠯᠵᠤ  ᠤᠷᠴᠢᠨ ᠲᠤᠭᠤᠷᠢᠨ ᠤ ᠴᠡᠪᠡᠷᠯᠡᠭᠡ ᠬᠢᠬᠦ ᠶᠢᠨ ᠬᠠᠮᠲᠤ᠂  ᠵᠠᠩ ᠳᠠᠳᠬᠠᠯ ᠢ ᠥᠭᠡᠷᠡᠴᠢᠯᠡᠬᠦ ᠲᠤᠰᠬᠠᠢ ᠰᠡᠳᠦᠪᠲᠦ ᠠᠵᠢᠯᠯᠠᠭ᠎ᠠ ᠦᠷᠨᠢᠬᠦᠯᠦᠨ᠂  ᠮᠠᠯᠴᠢᠳ ᠲᠤ ᠤᠬᠠᠭᠤᠯᠭ᠎ᠠ ᠶᠢᠨ ᠮᠠᠲ᠋ᠧᠷᠢᠶᠠᠯ ᠪᠠ ᠤᠬᠠᠭᠤᠯᠭ᠎ᠠ ᠶᠢᠨ ᠪᠤᠳᠠᠰ ᠲᠦᠭᠡᠭᠡᠵᠦ᠂  ᠤᠯᠠᠭᠠᠨ ᠴᠠᠭᠠᠨ ᠤ ᠶᠠᠪᠤᠳᠠᠯ ᠢ ᠲᠦᠬᠦᠮᠴᠢᠯᠡᠨ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ  ᠵᠠᠩ ᠳᠠᠳᠬᠠᠯ ᠤᠨ ᠦᠬᠡᠷᠡᠴᠢᠯᠡᠯᠳᠡ ᠶᠢᠨ ᠬᠠᠮᠢᠶᠠᠳᠠᠢ ᠮᠡᠳᠡᠯᠭᠡ ᠶᠢ ᠲᠠᠶᠢᠯᠪᠤᠷᠢᠯᠠᠨ᠂ ᠥᠷᠭᠡᠨ ᠤᠯᠠᠨ ᠮᠠᠯᠴᠢᠳ ᠢ ᠵᠠᠩ ᠳᠠᠳᠬᠠᠯ ᠤᠨ ᠦᠬᠡᠷᠡᠴᠢᠯᠡᠯᠳᠡ ᠶᠢᠨ ᠠᠵᠢᠯ ᠳᠤ ᠢᠳᠡᠪᠬᠢᠲᠡᠢ ᠣᠷᠣᠯᠴᠠᠵᠤ᠂ ᠬᠠᠭᠤᠴᠢᠨ ᠶᠣᠰᠣ ᠪᠤᠯᠬᠢ ᠵᠠᠩᠰᠢᠯ ᠢ  ᠲᠠᠶᠠᠭᠳᠠᠨ᠂ ᠪᠣᠯᠪᠠᠰᠤᠨ ᠰᠢᠨ᠎ᠡ ᠬᠡᠪ ᠰᠤᠷᠲᠠᠯ ᠢ ᠪᠤᠢ ᠪᠣᠯᠭᠠᠬᠤ ᠭᠡᠷᠡᠭᠳᠡᠢ ᠬᠡᠵᠦ ᠤᠷᠢᠶᠠᠯᠠᠭᠰᠠᠨ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号