ᠴᠢᠶᠠᠨ ᠶᠢᠨ ᠭᠧᠦ ᠪᠠᠯᠭᠠᠰᠤᠨ ᠤ  ᠬᠢᠨ ︽3.8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠲᠡᠮᠳᠡᠭᠯᠡᠬᠦ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/9
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠮᠡᠭᠲᠡᠶᠢᠴᠦᠳ ᠤᠨ ᠡᠷᠴᠢ ᠵᠣᠷᠢᠭ ᠢ ᠲᠠᠶᠢᠴᠢᠯᠠᠨ᠂ ᠡᠮᠡᠭᠲᠡᠶᠢᠴᠦᠳ ᠤᠨ ᠬᠦᠴᠦᠨ ᠴᠢᠳᠠᠯ ᠢ ᠨᠢᠭᠲᠠᠷᠠᠭᠤᠯᠬᠤ ᠶᠢᠨ ᠲᠥᠯᠥᠭᠡ᠂ 3 ᠰᠠᠷ᠎ᠠ ᠶᠢᠨ 8  ᠤ ᠡᠳᠦᠷ ᠴᠢᠶᠠᠨ ᠶᠢᠨ ᠭᠧᠦ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠨᠢ ︽3.8︾  ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ ᠰᠢᠷᠢᠰ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠪᠠᠯᠭᠠᠰᠤ ᠲᠣᠰᠬᠤᠨ ᠬᠤᠶᠠᠷ ᠱᠠᠲᠤᠨ ᠤ ᠡᠮᠡᠭᠲᠡᠶᠢᠴᠦᠳ ᠤᠨ ᠬᠤᠯᠪᠤᠭᠠᠨ ᠤ ᠲᠡᠷᠢᠭᠦᠯᠡᠭᠴᠢ ᠵᠢᠴᠢ ᠡᠯ᠎ᠡ ᠲᠣᠰᠬᠤᠨ ᠤ ᠡᠮᠡᠭᠲᠡᠶᠢᠴᠦᠳ ᠤᠨ ᠲᠥᠯᠥᠭᠡᠯᠡᠭᠴᠢᠳ ᠠᠵᠢᠯᠯᠠᠭ᠎ᠠ ᠳᠤ  ᠤᠷᠤᠯᠴᠠᠭᠰᠠᠨ ᠪᠠᠶᠢᠨ᠎ᠠ᠃ ᠡᠮᠡᠭᠲᠡᠶᠢᠴᠦᠳ ᠤᠨ ᠬᠤᠯᠪᠤᠭᠠᠨ ᠤ ᠲᠡᠷᠢᠭᠦᠯᠡᠭᠴᠢ ᠨᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠵᠢᠴᠢ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠤᠨ ᠠᠭᠤᠯᠭ᠎ᠠ ᠶᠢ ᠳᠠᠭᠠᠭᠤᠯᠤᠨ ᠰᠤᠷᠤᠯᠴᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ  ᠤᠶᠢᠯᠠᠭᠠᠨ᠂ ᠥᠷᠭᠡᠨ ᠤᠯᠠᠨ ᠡᠮᠡᠭᠲᠡᠶᠢᠴᠦᠳ ᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠬᠦᠴᠦᠨ ᠴᠢᠳᠠᠯ ᠪᠠ ᠤᠶᠤᠨ ᠤᠬᠠᠭᠠᠨ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠬᠠᠷᠠᠯᠳᠠ ᠳᠡᠭᠡᠷ᠎ᠡ  ᠨᠢᠬᠳᠠᠷᠠᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠵᠣᠷᠢᠭᠵᠢᠭᠤᠯᠪᠠ᠃ ᠡᠯ᠎ᠡ ᠲᠣᠰᠬᠤᠨ ᠤ  ︽ᠲᠠᠯ᠎ᠠ ᠨᠤᠲᠤᠭ ᠤᠨ ᠨᠣᠮ ᠤᠨ ᠦᠷᠦᠭᠡ︾ ᠨᠢ ᠨᠣᠮ ᠤᠩᠰᠢᠬᠤ ᠬᠤᠷᠠᠯ ᠢ ᠵᠣᠬᠢᠶᠠᠨ ᠪᠠᠶᠢᠭᠤᠯᠵᠤ ᠂  ᠡᠮᠡᠭᠳᠡᠶᠢᠴᠤᠳ ᠨᠣᠮ  ᠰᠡᠳᠬᠦᠯ ᠤᠩᠰᠢᠬᠤ ᠬᠡᠯᠪᠡᠷᠢ ᠪᠠᠷ ᠰᠠᠨᠠᠯ ᠢᠶᠠᠨ ᠰᠤᠯᠢᠯᠴᠠᠨ  ᠂ ᠤᠷᠠᠨ ᠨᠠᠷᠢᠯᠢᠭ ᠦᠭᠡ ᠬᠡᠯᠡ᠂ ᠭᠦᠨ ᠤᠬᠠᠭᠠᠯᠢᠭ ᠥᠯᠢᠭᠡᠷ   ᠢᠶᠠᠷ ᠦᠶ᠎ᠡ ᠦᠶ᠎ᠡ   ᠶᠢᠨ ᠡᠮᠡᠭᠲᠡᠶᠢᠴᠦᠳ ᠤᠨ  ᠣᠶᠤᠨ ᠤᠬᠠᠭᠠᠨ ᠤ ᠣᠬᠢ ᠰᠣᠳᠣ   ᠶᠢ ᠲᠣᠭᠠᠴᠢᠨ ᠶᠠᠷᠢᠵᠤ᠂   ᠴᠠᠭ ᠦᠶ᠎ᠡ   ᠶᠢᠨ ᠵᠣᠷᠢᠭ ᠰᠠᠨᠠᠭ᠎ᠠ   ᠶᠢ ᠪᠠᠳᠠᠷᠠᠭᠤᠯᠤᠨ᠂  ᠨᠣᠮ  ᠪᠢᠴᠢᠭ ᠤᠩᠰᠢᠬᠤ  ᠰᠠᠶᠢᠨ ᠰᠠᠶᠢᠬᠠᠨ ᠠᠭᠤᠷ ᠠᠮᠢᠰᠬᠤᠯ   ᠢ ᠪᠣᠶ ᠪᠤᠯᠭᠠᠵᠠᠢ᠃  ᠶᠠᠷᠢᠯᠴᠠᠬᠤ ᠬᠤᠷᠠᠯ ᠳᠡᠭᠡᠷ᠎ᠡ᠂  ᠰᠢᠨ᠎ᠡ ᠴᠠᠭ ᠦᠶ᠎ᠡ ᠶᠢᠨ ᠬᠤᠪᠢᠷᠠᠯᠲᠠ ᠬᠦᠭᠵᠢᠯᠳᠡ ᠶᠢᠨ ᠲᠣᠭᠤᠷᠢᠨ ᠳᠤ᠂  ᠡᠮᠡᠭᠳᠡᠶᠢᠴᠤᠳ ᠤᠨ ᠦᠨᠳᠦᠰᠦᠨ ᠱᠠᠲᠤᠨ ᠤ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠲᠤᠬᠠᠶᠢᠯᠠᠭᠰᠠᠨ ᠠᠵᠢᠯ ᠳᠠᠭᠠᠨ  ᠰᠠᠭᠤᠷᠢᠯᠠᠨ᠂ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ᠂ ᠡᠮᠡᠭᠲᠡᠶᠢᠴᠦᠳ ᠤᠨ ᠬᠤᠯᠪᠣᠭᠠᠨ ᠤ ᠦᠢᠯᠡᠰ ᠲᠤ ᠣᠷᠣᠯᠴᠠᠭᠰᠠᠨ ᠦᠯᠢᠭᠡᠷ ᠢ ᠬᠤᠪᠢᠶᠠᠯᠴᠠᠵᠤ᠂  ᠡᠮᠡᠭᠳᠡᠶᠢᠴᠤᠳ ᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ  ᠲᠠᠶᠢᠴᠢᠯᠠᠨ᠂ ᠬᠠᠷᠢᠭᠤᠴᠠᠯᠭᠠᠲᠤ ᠰᠡᠳᠬᠢᠯᠭᠡ ᠶᠢ ᠨᠢ ᠦᠨᠡᠨ ᠬᠦ  ᠴᠢᠩᠭᠠᠳᠬᠠᠭᠰᠠᠨ ᠪᠠᠶᠢᠨ᠎ᠠ᠃ ᠤᠯᠠᠨ ᠢᠶᠠᠷ ᠢᠶᠠᠨ᠂ ᠬᠤᠶᠢᠰᠢᠳᠠ ᠦᠷᠭᠦᠯᠵᠢᠯᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂  ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠭᠡᠨ᠂  ᠡᠮᠡᠭᠲᠡᠶᠢᠴᠦᠳ ᠤᠨ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠡᠮᠡᠭᠲᠡᠶᠢᠴᠦᠳ ᠤᠨ ᠴᠤᠭ ᠵᠢᠪᠬᠤᠭ᠎ᠠ ᠶᠢ ᠪᠠᠳᠠᠷᠠᠭᠤᠯᠤᠨ᠂  ᠨᠡᠩ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠲᠦᠷᠰᠦ ᠪᠠᠶᠢᠳᠠᠯ ᠢᠶᠠᠷ ᠦᠵᠡᠰᠬᠦᠯᠡᠩᠲᠦ ᠰᠠᠶᠢᠬᠠᠨ ᠴᠢᠶᠠᠨ ᠶᠢᠨ ᠭᠸᠦ ᠪᠠᠯᠭᠠᠰᠤᠨ ᠤ ᠪᠠᠨ ᠰᠢᠨ᠎ᠡ ᠵᠢᠷᠤᠭ ᠲᠥᠰᠥᠪ ᠢ ᠬᠠᠮᠲᠤᠪᠠᠷ ᠵᠢᠷᠤᠭᠯᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号