ᠲᠠᠶᠢᠹᠤᠰᠧ ᠬᠤᠰᠢᠭᠤ ᠬᠠᠪᠤᠷ ᠤᠨ ᠤᠯᠠᠷᠢᠯ ᠤᠨ  ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠭᠰᠡᠨ
ᠨᠡᠶᠢᠲᠡᠯᠡᠭᠰᠡᠨ ᠴᠠᠭ᠄
2023/4/1
  3 ᠰᠠᠷ᠎ᠠ ᠶᠢᠨ 29 ᠤ ᠡᠳᠦᠷ᠂ ᠲᠠᠶᠢᠹᠤᠰᠧ ᠬᠤᠰᠢᠭᠤ ᠬᠠᠪᠤᠷ ᠤᠨ ᠤᠯᠠᠷᠢᠯ ᠤᠨ  ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠵᠠᠭᠤᠴᠢᠯᠠᠭᠤᠷ ᠤᠨ ᠰᠤᠷᠪᠤᠯᠵᠢᠯᠠᠭᠴᠢ  ᠬᠤᠷᠠᠯ ᠳᠤ ᠣᠷᠣᠯᠴᠠᠵᠠᠢ᠃ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠤᠪᠴᠢᠶᠠᠨ ᠤ ᠳᠡᠳ᠋ ᠳᠠᠷᠤᠭ᠎ᠠ ᠷᠧᠨ ᠹᠦ᠋ ᠴᠢᠶᠠᠩ ᠠᠴᠠ ᠪᠥᠬᠦ ᠬᠤᠰᠢᠭᠤᠨ ᠤ 2023 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠬᠠᠮᠢᠶ᠎ᠠ ᠪᠦᠬᠦᠢ ᠪᠠᠶᠢᠳᠠᠯ ᠤᠨ ᠲᠤᠬᠠᠢ ᠲᠠᠨᠢᠯᠴᠠᠭᠤᠯᠭ᠎ᠠ ᠪᠠ ᠲᠠᠶᠢᠯᠤᠮᠵᠢ ᠬᠢᠵᠦ᠂  ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠣᠨᠢᠨ ᠮᠡᠳᠡᠭᠡᠨ ᠤ ᠥᠭᠦᠯᠡᠭᠴᠢ ᠠᠴᠠ 2023 ᠣᠨ ᠤ  ᠪᠡᠯᠴᠢᠭᠡᠷ ᠰᠡᠷᠬᠦᠬᠡᠬᠦ    ᠨᠥᠬᠦᠪᠦᠷᠢ ᠶᠢᠨ ᠪᠠᠷᠢᠮᠵᠢᠶ᠎ᠠ ᠪᠠ ᠤᠯᠭᠤᠬᠤ ᠠᠷᠭ᠎ᠠ  ᠂  ᠬᠠᠰᠢᠶᠠᠯᠠᠭ᠎ᠠ ᠶᠢᠨ ᠬᠤᠭᠤᠴᠠᠭᠠᠨ ᠳᠠᠬᠢ ᠡᠯ᠎ᠡ ᠲᠦᠷᠦᠯ ᠤᠨ  ᠪᠠᠳᠤᠯᠠᠭᠠᠨ ᠤ ᠠᠵᠢᠯ ᠵᠡᠷᠭᠡ ᠠᠭᠤᠯᠭ᠎ᠠ ᠶᠢᠨ ᠲᠣᠭᠤᠷᠢᠨ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠰᠤᠷᠪᠤᠯᠵᠢᠯᠠᠭᠴᠢ᠄  ᠬᠠᠰᠢᠶᠠᠯᠠᠭ᠎ᠠ ᠶᠢᠨ ᠬᠤᠭᠤᠴᠠᠭᠠᠨ ᠤ ᠨᠥᠬᠦᠪᠦᠷᠢ   ᠶᠢ ᠶᠠᠭᠠᠬᠢᠵᠤ ᠣᠯᠭᠤᠬᠤ ᠪᠤᠶ  ︖     ᠡᠳ᠋ ᠤᠨ ᠵᠠᠰᠠᠭ ᠤᠨ ᠲᠤᠪᠴᠢᠶᠠᠨ ᠤ ᠬᠦᠳᠡᠭᠡ ᠠᠵᠤ ᠠᠬᠤᠢ ᠶᠢᠨ ᠡᠳ᠋ ᠤᠨ ᠶᠠᠪᠤᠳᠠᠯ ᠤᠨ ᠲᠠᠰᠤᠭ ᠤᠨ ᠳᠠᠷᠤᠭ᠎ᠠ ᠰᠥᠩ ᠶᠠᠨ ᠪᠥᠸᠧ᠄ ᠮᠠᠯᠵᠢᠬᠤ ᠣᠷᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ ᠠᠵᠢᠯ ᠳᠠᠭᠤᠰᠤᠭᠰᠠᠨ ᠤ ᠳᠠᠷᠠᠭ᠎ᠠ᠂  ᠬᠦᠨᠪᠤᠯᠠᠭ ᠰᠤᠮᠤ ᠨᠢ ᠡᠯ᠎ᠡ ᠭᠠᠴᠠᠭ᠎ᠠ ᠪᠠᠷ ᠨᠢᠬᠡᠴᠢᠯᠡᠨ ᠬᠢᠨᠠᠨ ᠬᠠᠷᠭᠤᠭᠤᠯᠵᠤ ᠢᠯᠡ ᠨᠡᠶᠢᠲᠡᠯᠡᠨ᠎ᠡ᠂  ᠨᠡᠶᠢᠳᠡᠯᠡᠭᠡᠳ ᠰᠠᠨᠠᠯ ᠦᠭᠡᠢ ᠪᠤᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ︽ᠪᠦᠷᠢᠨ ᠴᠢᠳᠠᠮᠵᠢᠳᠤ ᠺᠠᠷᠲ︾ ᠢᠶᠠᠷ   ᠮᠠᠯᠴᠢᠨ ᠡᠷᠦᠬᠡ ᠳᠤ ᠨᠥᠬᠦᠪᠦᠷᠢ ᠶᠢ ᠣᠯᠭᠤᠨ᠎ᠠ᠃      ᠰᠤᠷᠪᠤᠯᠵᠢᠯᠠᠭᠴᠢ᠄  ᠬᠠᠰᠢᠶᠠᠯᠠᠭ᠎ᠠ ᠶᠢᠨ ᠬᠤᠭᠤᠴᠠᠭᠠᠨ ᠳᠤ ᠮᠠᠯ ᠤᠨ ᠤᠰᠤ ᠤᠮᠳᠠ ᠶᠢ ᠬᠡᠷᠬᠢᠨ ᠪᠠᠲᠤᠯᠠᠬᠤ ᠪᠣᠶ︖     ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ ᠭᠤᠣ ᠰᠢᠶᠣᠣ ᠮᠢᠩ᠄  ᠣᠳᠣ ᠪᠣᠯᠲᠠᠯ᠎ᠠ᠂  ᠮᠠᠨ  ᠤ ᠬᠤᠰᠢᠭᠤ ᠨᠢ ᠮᠠᠯᠵᠢᠬᠤ ᠲᠠᠷᠢᠶᠠᠯᠠᠬᠤ ᠣᠷᠣᠨ ᠤ ᠲᠦᠭᠡᠭᠡᠯ ᠤᠰᠤ ᠬᠠᠩᠭᠠᠬᠤ ᠢᠨᠵᠧᠨᠧᠷᠢᠩ ᠢ ᠨᠡᠶᠢᠲᠡ 324 ᠰᠠᠭᠤᠷᠢ ᠪᠠᠶᠢᠭᠤᠯᠵᠤ᠂ 159 ᠭᠠᠴᠠᠭ᠎ᠠ ᠲᠣᠰᠬᠤᠨ 399 ᠠᠶᠢᠯ ᠬᠤᠳᠠ ᠶᠢ ᠬᠠᠮᠤᠷᠤᠭᠠᠳ᠂ ᠲᠦᠭᠡᠭᠡᠯ  ᠤᠰᠤᠨ  ᠤ ᠬᠠᠩᠭᠠᠯᠭ᠎ᠠ ᠶᠢᠨ ᠨᠣᠷᠮ᠎ᠠ 90.3% ᠳᠤ ᠬᠦᠷᠴᠦ ᠂ ᠲᠦᠭᠡᠭᠡᠯ  ᠤᠰᠤᠨ ᠤ ᠲᠦᠭᠡᠮᠡᠯᠵᠢᠯᠳᠡ ᠶᠢᠨ ᠨᠣᠷᠮ᠎ᠠ 79.2% ᠲᠤ ᠬᠦᠷᠴᠡᠢ᠃ ᠲᠦᠭᠡᠭᠡᠯ ᠤᠰᠤ ᠨᠡᠪᠳᠡᠷᠡᠭᠡᠳᠦᠢ ᠠᠶᠢᠯ ᠲᠣᠰᠬᠤᠨ ᠴᠤ ᠭᠡᠳ ᠣᠯᠠᠩᠬᠢ ᠮᠠᠯᠴᠢᠨ ᠲᠠᠷᠢᠶᠠᠴᠢᠨ ᠡᠷᠦᠬᠡ ᠨᠢ ᠥᠪᠡᠷ ᠤᠨ ᠬᠦᠷᠢᠶᠡᠨ ᠳᠡᠭᠡᠨ ᠵᠢᠵᠢᠭ ᠮᠠᠰᠢᠨ ᠬᠤᠳᠳᠤᠭ ᠲᠠᠢ ᠪᠤᠯᠬᠤᠷ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠳᠤ ᠮᠠᠯ ᠤᠨ ᠣᠰᠣ ᠣᠮᠳᠠ ᠶᠢ ᠪᠠᠲᠤᠯᠠᠵᠤ ᠲᠠᠶᠢᠯᠤᠨ᠎ᠠ᠃      ᠰᠤᠷᠪᠤᠯᠵᠢᠯᠠᠭᠴᠢ᠄  ᠬᠠᠰᠢᠶᠠᠯᠠᠭ᠎ᠠ ᠶᠢᠨ ᠬᠤᠭᠤᠴᠠᠭᠠᠨ ᠳᠤ ᠲᠠᠷᠢᠶᠠᠯᠠᠩ  ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠶᠠᠮᠠᠷ ᠶᠠᠮᠠᠷ ᠪᠠᠳᠤᠯᠠᠭᠠᠨ ᠤ ᠠᠵᠢᠯ ᠢ ᠰᠠᠶᠢᠨ ᠬᠢᠬᠦ ᠪᠠᠷ ᠲᠥᠯᠥᠪᠯᠡᠵᠦ ᠪᠠᠶᠢᠭ᠎ᠠ︖     ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠳᠡᠳ᠋ ᠳᠠᠷᠤᠭ᠎ᠠ ᠳ᠋ᠦᠩ ᠶᠤᠸᠠᠨ ᠰᠢᠶᠠ᠄  ᠬᠠᠰᠢᠶᠠᠯᠠᠭ᠎ᠠ ᠶᠢᠨ ᠬᠤᠭᠤᠴᠠᠭᠠᠨ ᠳᠤ ᠭᠤᠣᠯᠳᠠᠭᠤ ᠡᠪᠡᠰᠦ ᠪᠣᠷᠳᠤᠭ᠎ᠠ ᠨᠦᠬᠡᠴᠡᠯᠡᠨ ᠪᠡᠯᠡᠳᠭᠡᠬᠦ ᠪᠠ ᠠᠮᠢᠲᠠᠨ ᠤ ᠬᠢᠵᠢᠭ ᠭᠡᠮ ᠢ ᠰᠡᠷᠭᠡᠶᠢᠯᠡᠨ ᠵᠠᠰᠠᠬᠤ ᠡᠨᠡ ᠬᠤᠶᠠᠷ ᠲᠠᠯ᠎ᠠ ᠶᠢᠨ ᠪᠠᠳᠤᠯᠠᠭᠠᠨ  ᠤ ᠠᠵᠢᠯ ᠢ ᠰᠠᠶᠢᠨ ᠬᠢᠬᠦ ᠬᠡᠷᠡᠭᠲᠡᠢ᠃ ᠬᠠᠰᠢᠶᠠᠯᠠᠭ᠎ᠠ ᠶᠢᠨ ᠬᠤᠭᠤᠴᠠᠭᠠᠨ ᠳᠤ᠂ ᠮᠠᠯ ᠤᠨ ᠲᠡᠵᠢᠭᠡᠯ ᠨᠥᠬᠦᠪᠦᠷᠢᠯᠡᠬᠦ ᠪᠠᠷᠢᠮᠵᠢᠶ᠎ᠠ ᠨᠢ ᠬᠤᠨᠢᠨ ᠨᠢᠭᠡᠴᠢ ᠪᠦᠷᠢ ᠳᠤ ᠡᠳᠦᠷ ᠤᠨ 1.5 ᠺᠢᠯᠣᠭ᠍ᠷᠠᠮ ᠡᠪᠡᠰᠦ᠂ 0.15 ᠺᠢᠯᠣᠭ᠍ᠷᠠᠮ ᠪᠣᠷᠳᠤᠭ᠎ᠠ᠂  ᠮᠢᠬᠠᠨ ᠤ ᠦᠬᠡᠷ ᠲᠤ  ᠡᠳᠦᠷ ᠪᠦᠷᠢ 7.5 ᠺᠢᠯᠣᠭ᠍ᠷᠠᠮ ᠡᠪᠡᠰᠦ᠂  1.25 ᠺᠢᠯᠣᠭ᠍ᠷᠠᠮ ᠪᠤᠷᠳᠤᠭ᠎ᠠ ᠪᠤᠯᠤᠨ᠎ᠠ᠃  ᠡᠶᠢᠨᠬᠦ᠂ ᠬᠠᠰᠢᠶᠠᠯᠠᠭ᠎ᠠ ᠲᠠᠭᠤᠰᠳᠠᠯ᠎ᠠ ᠭᠡᠷᠡᠭᠰᠡᠬᠦ ᠲᠡᠵᠢᠭᠡᠯ ᠡᠪᠡᠰᠦ ᠪᠤᠷᠳᠤᠭᠠᠨ ᠤ  ᠶᠡᠷᠦᠩᠬᠡᠢ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠵᠢᠱᠢᠨ ᠪᠤᠳᠤᠵᠤ᠂  ᠮᠠᠯᠴᠢᠨ ᠲᠠᠷᠢᠶᠠᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠡᠪᠡᠰᠦ ᠪᠣᠷᠳᠤᠭ᠎ᠠ ᠶᠢ ᠭᠦᠢᠴᠡᠳ ᠪᠡᠯᠡᠳᠬᠡᠨ᠂ ᠬᠦᠷᠦᠯᠴᠡᠬᠦ ᠦᠭᠡᠢ ᠶᠢ ᠨᠢ ᠳᠣᠲᠣᠭᠠᠳᠤ ᠳᠠᠭᠠᠨ ᠲᠣᠬᠢᠷᠠᠭᠤᠯᠬᠤ ᠪᠠ  ᠭᠠᠳᠠᠨ᠎ᠠ ᠠᠴᠠ ᠤᠷᠤᠭᠤᠯᠬᠤ  ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠪᠡᠯᠴᠢᠭᠡᠷ ᠰᠡᠷᠬᠦᠬᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠤᠨ᠎ᠠ᠃   ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ ᠬᠤᠭᠤᠴᠠᠭ᠎ᠠ ᠪᠣᠯ ᠶᠠᠭ ᠬᠠᠪᠤᠷ ᠤᠨ ᠤᠯᠠᠷᠢᠯ ᠤᠨ ᠬᠢᠵᠢᠭ ᠭᠡᠮ ᠤᠨ ᠰᠡᠷᠭᠡᠶᠢᠯᠡᠯᠳᠡ ᠶᠢᠨ ᠲᠠᠷᠢᠯᠭ᠎ᠠ ᠬᠢᠬᠦ ᠬᠤᠭᠤᠴᠠᠭ᠎ᠠ ᠪᠣᠯᠣᠨ᠎ᠠ᠃ ᠬᠤᠰᠢᠭᠤᠨ ᠤ ᠠᠮᠢᠲᠠᠨ ᠤ  ᠬᠢᠵᠢᠭ ᠭᠡᠮ ᠢ ᠰᠡᠷᠭᠡᠶᠢᠯᠡᠨ ᠡᠵᠡᠮᠳᠡᠬᠦ ᠲᠥᠪ  ᠨᠢ  ᠭᠤᠷᠪᠠᠳᠠᠬᠢ ᠡᠳᠡᠭᠡᠳ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂  ᠰᠡᠷᠭᠡᠶᠢᠯᠡᠯᠳᠡ ᠶᠢᠨ ᠠᠵᠢᠯ ᠤᠨ ᠲᠥᠯᠥᠪᠯᠡᠭᠡ ᠶᠣᠰᠣᠭᠠᠷ ᠡᠯ᠎ᠡ ᠲᠥᠷᠥᠯ ᠤᠨ ᠬᠢᠵᠢᠭ ᠰᠡᠷᠭᠡᠶᠢᠯᠡᠬᠦ ᠡᠮ ᠢ ᠪᠦᠷᠢᠨ ᠪᠡᠯᠡᠳᠬᠡᠵᠦ᠂  ᠬᠢᠵᠢᠭ ᠭᠡᠮ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠵᠢᠯ ᠢ ᠰᠠᠶᠢᠨ ᠬᠢᠵᠦ᠂  ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂  ᠬᠢᠵᠢᠭ ᠭᠡᠮ ᠰᠡᠷᠭᠡᠶᠢᠯᠡᠨ ᠡᠵᠡᠮᠳᠡᠬᠦ ᠠᠵᠢᠯ ᠢ ᠡᠷᠴᠢ ᠬᠦᠴᠦᠲᠡᠢ᠂ ᠡᠮᠬᠢ ᠵᠢᠷᠤᠮ ᠲᠠᠢ᠂  ᠦᠷ᠎ᠡ  ᠪᠦᠳᠦᠮᠵᠢᠳᠡᠢ ᠥᠷᠨᠢᠭᠦᠯᠬᠦ ᠪᠤᠯᠤᠨ᠎ᠠ᠃ ᠦᠬᠡᠷ ᠬᠤᠨᠢ ᠶᠢ ᠬᠠᠰᠢᠶᠠᠯᠠᠨ ᠲᠡᠵᠢᠭᠡᠬᠦ  ᠦᠶᠡᠰ ᠰᠢᠩᠭᠡᠭᠡᠯᠲᠡ ᠶᠢᠨ ᠴᠢᠨᠠᠷᠲᠠᠢ ᠡᠪᠡᠳᠴᠢᠨ᠂ ᠰᠢᠮ᠎ᠡ ᠲᠡᠵᠢᠭᠡᠯ ᠤᠨ ᠴᠢᠨᠠᠷᠲᠠᠢ ᠡᠪᠡᠳᠴᠢᠨ ᠪᠠ ᠰᠢᠮᠡᠭᠦᠷ ᠬᠤᠷᠣᠬᠠᠢ  ᠶᠢᠨ ᠡᠪᠡᠳᠴᠢᠨ ᠵᠡᠷᠭᠡ ᠡᠪᠡᠳᠴᠢᠨ ᠭᠡᠮ ᠢᠯᠡᠷᠡᠬᠦ ᠪᠠᠶᠢᠳᠠᠯ ᠳᠤ ᠴᠢᠭᠯᠡᠭᠦᠯᠦᠨ᠂   ᠠᠷᠠᠴᠢᠯᠠᠨ ᠮᠠᠯᠵᠢᠬᠤ ᠬᠠᠮᠢᠶᠠᠷᠤᠯᠲᠠ ᠶᠢᠨ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠢ ᠵᠢᠯᠤᠭᠤᠳᠤᠨ ᠰᠢᠨᠵᠢᠯᠡᠬᠦ ᠤᠬᠠᠭᠠᠨᠴᠢ ᠠᠷᠠᠴᠢᠯᠠᠭ᠎ᠠ ᠮᠠᠯᠵᠢᠯ ᠢ ᠲᠡᠯᠭᠡᠷᠡᠬᠦᠯᠵᠦ᠂  ᠮᠠᠯ ᠤᠨ ᠰᠢᠮ᠎ᠡ ᠲᠡᠵᠢᠭᠡᠯ ᠢ ᠪᠠᠲᠤᠯᠠᠨ᠂  ᠬᠢᠵᠢᠭ ᠭᠡᠮ ᠤᠨ ᠡᠭᠦᠰᠬᠦ ᠶᠢ ᠪᠠᠭᠠᠰᠬᠠᠵᠤ᠂  ᠬᠠᠰᠢᠶᠠᠯᠠᠭ᠎ᠠ ᠶᠢᠨ ᠬᠤᠭᠤᠴᠠᠭᠠᠨ ᠳᠤ ᠬᠦᠨᠳᠦ ᠶᠡᠭᠡ  ᠬᠢᠵᠢᠭ  ᠭᠡᠮ ᠡᠭᠦᠰᠬᠦ ᠦᠭᠡᠢ ᠪᠠᠶᠢᠬᠤ ᠶᠢ ᠪᠠᠲᠤᠯᠠᠨ᠎ᠠ᠃         ᠣᠶᠢᠯᠠᠭᠠᠭᠰᠠᠨ ᠢᠶᠠᠷ᠂ ᠬᠠᠪᠤᠷ ᠤᠨ ᠤᠯᠠᠷᠢᠯ ᠳᠤ ᠪᠡᠯᠴᠢᠭᠡᠷ ᠰᠡᠷᠬᠦᠬᠡᠬᠦ ᠨᠢ  ᠶᠠᠭ ᠰᠠᠶᠢᠬᠠᠨ ᠤᠷᠭᠤᠯᠳᠠ ᠶᠢᠨ ᠬᠤᠭᠤᠴᠠᠭᠠᠨ ᠳᠠᠭᠠᠨ ᠪᠠᠶᠢᠭ᠎ᠠ ᠡᠪᠡᠰᠦ ᠪᠡᠯᠴᠢᠭᠡᠷ ᠢ ᠮᠠᠯ ᠤᠨᠤᠭ᠎ᠠ  ᠲᠡᠩᠳᠡᠬᠦᠦ ᠡᠷᠲᠡ ᠠᠴᠠ ᠴᠢᠮᠬᠢᠯᠡᠵᠦ ᠢᠳᠡᠬᠦ ᠪᠤᠶᠤ   ᠬᠢᠰᠬᠢᠯᠡᠵᠦ ᠲᠠᠮᠳᠤᠭᠯᠠᠬᠤ ᠠᠴᠠ ᠪᠤᠯᠤᠭᠰᠠᠨ ᠨᠤᠳᠤᠭ ᠪᠡᠯᠴᠢᠭᠡᠷ ᠤᠨ ᠦᠢᠯᠡᠳᠪᠦᠷᠢᠯᠡᠯ ᠤᠨ ᠬᠦᠴᠦᠨ ᠪᠠᠭᠤᠷᠠᠬᠤ᠂  ᠮᠠᠯ ᠤᠨ ᠡᠬᠦᠯᠳᠡᠷ ᠤᠭᠰᠠᠭ᠎ᠠ ᠮᠠᠭᠤᠳᠠᠬᠤ ᠠᠰᠠᠭᠤᠳᠠᠯ ᠢ ᠪᠦᠲᠦᠮᠵᠢᠲᠡᠶ ᠬᠤᠷᠢᠭᠯᠠᠵᠤ ᠴᠢᠳᠠᠬᠤ ᠮᠥᠷᠲᠡᠭᠡᠨ ᠮᠠᠯ ᠤᠨ   ᠬᠠᠪᠤᠷ ᠤᠨ ᠬᠠᠭᠰᠠᠷᠭᠠᠨ ᠳᠤ ᠨᠤᠭᠤᠭ᠎ᠠ ᠬᠦᠬᠡᠬᠡᠵᠦ ᠲᠠᠷᠭᠤ ᠮᠠᠭᠤᠳᠠᠬᠤ ᠠᠴᠠ ᠰᠡᠷᠭᠡᠶᠢᠯᠡᠨ᠂ ᠤᠯᠠᠮᠵᠢᠯᠠᠯᠲᠤ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠣᠲᠣ ᠦᠶ᠎ᠡ ᠶᠢᠨ ᠮᠠᠯ ᠠᠵᠤ ᠠᠬᠤᠢ ᠶᠢᠨ ᠡᠵᠡᠩᠨᠡᠯᠲᠡ ᠬᠠᠮᠢᠶᠠᠷᠤᠯᠲᠠ ᠳᠠᠰᠢ ᠬᠤᠪᠢᠷᠠᠭᠤᠯᠬᠤ ᠳᠤ ᠠᠰᠢᠭᠲᠠᠢ ᠪᠠᠶᠢᠭ᠎ᠠ᠃ ᠲᠠᠶᠢᠹᠤᠰᠧ ᠬᠤᠰᠢᠭᠤ  ᠨᠢ ᠡᠨᠡ ᠵᠢᠯ ᠬᠦᠨᠪᠤᠯᠠᠭ ᠰᠤᠮᠤᠨ ᠤ 108.63 ᠲᠦᠮᠡᠨ ᠮᠦ ᠨᠤᠳᠤᠭ ᠪᠡᠯᠴᠢᠭᠡᠷ ᠲᠤ  4 ᠰᠠᠷ᠎ᠠ   ᠶᠢᠨ 1 ᠤ ᠡᠳᠦᠷ ᠠᠴᠠ 5 ᠰᠠᠷ᠎ᠠ   ᠶᠢᠨ 15 ᠤ ᠡᠳᠦᠷ ᠪᠣᠯᠲᠠᠯ᠎ᠠ 45 ᠡᠳᠦᠷ ᠤᠨ ᠬᠤᠭᠤᠴᠠᠭ᠎ᠠ ᠲᠠᠢ ᠬᠠᠪᠤᠷ ᠤᠨ ᠤᠯᠠᠷᠢᠯ ᠤᠨ ᠪᠡᠯᠴᠢᠭᠡᠷ  ᠰᠡᠷᠬᠦᠬᠡᠬᠦ ᠳᠦᠷᠢᠮ ᠢ ᠬᠡᠷᠡᠭᠵᠢᠭᠦᠯᠵᠦ᠂ ᠲᠠᠷᠢᠶᠠᠯᠠᠬᠤ ᠣᠷᠣᠨ ᠤ ᠵᠢᠷᠭᠤᠭᠠᠨ ᠰᠢᠶᠠᠩ ᠪᠠᠯᠭᠠᠰᠤ ᠳᠤ  ᠠᠳᠤᠭᠤ᠂ ᠬᠤᠨᠢ᠂ ᠡᠯᠵᠢᠭᠡ᠂ ᠯᠠᠭᠤᠰᠠ᠂ ᠲᠡᠮᠡᠭᠡ ᠶᠢ ᠪᠥᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠨ᠂ ᠦᠬᠡᠷ  ᠢ  4 ᠰᠠᠷ᠎ᠠ ᠶᠢᠨ 10 ᠤ ᠡᠳᠦᠷ ᠠᠴᠠ 6 ᠰᠠᠷ᠎ᠠ ᠶᠢᠨ 1 ᠤ ᠡᠳᠦᠷ ᠪᠣᠯᠲᠠᠯ᠎ᠠ᠂ 50 ᠡᠳᠦᠷ ᠤᠨ ᠬᠤᠭᠤᠴᠠᠭ᠎ᠠ ᠲᠠᠢ ᠬᠠᠰᠢᠶᠠᠯᠠᠨ ᠮᠠᠯᠵᠢᠬᠤ ᠪᠠᠷ ᠲᠤᠭᠳᠠᠵᠠᠢ᠃   ᠪᠡᠯᠴᠢᠭᠡᠷ ᠰᠡᠷᠬᠦᠬᠡᠬᠦ ᠨᠥᠬᠦᠪᠦᠷᠢ ᠶᠢᠨ ᠪᠠᠷᠢᠮᠵᠢᠶ᠎ᠠ ᠨᠢ ᠮᠤ᠋ ᠪᠦᠷᠢ ᠳᠤ 1.125 ᠲᠥᠭᠦᠷᠢᠭ  ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号