ᠬᠤᠰᠢᠭᠤ ᠨᠠᠮ ᠤᠨ ᠬᠤᠷᠢᠶᠠᠨ ᠤ  57 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/10
   4 ᠰᠠᠷ᠎ᠠ ᠶᠢᠨ 6᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 57 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂  ᠰᠦᠨ ᠱᠤᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 3 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠶᠠᠩ ᠶᠢᠨ ᠳᠡᠳ᠋ ᠲᠡᠷᠢᠭᠦᠯᠡᠭᠴᠢ ᠶᠢᠨ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠠᠬᠢᠭᠤᠯᠬᠤ ᠸᠢᠳᠢᠤ᠋  ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠭᠰᠠᠨ ᠪᠠᠶᠢᠨ᠎ᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠡᠷᠬᠢᠯᠡᠭᠴᠢ ᠬᠤᠷᠠᠯ ᠳᠤ ᠰᠤᠯᠠ ᠤᠷᠤᠯᠴᠠᠪᠠ ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号